ᠣᠷᠣᠨ ᠤ ᠲᠥᠪ ᠬᠤᠲᠠ ᠪᠥᠬᠦ ᠣᠷᠣᠨ ᠤ ᠠᠩᠬᠠᠳᠠᠭᠴᠢ ᠮᠧᠲ᠋ᠢᠯ ᠠᠯᠺᠣᠤᠯ ᠤᠨ ᠮᠠᠰᠢᠨ ᠲᠡᠷᠭᠡ ᠦᠢᠯᠡᠳᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/9/25
    ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠯᠠᠭᠠᠭᠰᠠᠨ ᠢᠶᠠᠷ᠂ 2024 ᠣᠨ ᠤ ᠰᠡᠭᠦᠯᠴᠢ ᠪᠣᠯᠲᠠᠯ᠎ᠠ᠂ ᠬᠥᠬᠡᠬᠤᠲᠠ ᠪᠦᠬᠦ ᠣᠷᠣᠨ ᠤ ᠠᠩᠬᠠᠳᠠᠭᠴᠢ ᠮᠧᠲ᠋ᠢᠯ ᠠᠯᠺᠣᠤᠯ ᠤᠨ ᠮᠠᠰᠢᠨ ᠲᠡᠷᠭᠡ ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ᠂ ᠵᠢᠯ ᠳᠤ ᠮᠧᠲ᠋ᠢᠯ ᠠᠯᠺᠣᠤᠯ ᠤᠨ ᠮᠠᠰᠢᠨ ᠲᠡᠷᠭᠡ 1 ᠲᠦᠮᠡ ᠦᠢᠯᠡᠳᠪᠦᠷᠢᠯᠡᠬᠦ ᠪᠣᠯᠣᠨ᠎ᠠ᠃ 2026 ᠤᠨ ᠪᠣᠯᠲᠠᠯ᠎ᠠ᠂ ᠪᠦᠬᠦ ᠬᠤᠲᠠ ᠵᠢᠴᠢ ᠡᠷᠭᠢᠨ ᠲᠣᠭᠤᠷᠢᠨ ᠤ ᠬᠡᠪᠴᠢᠶᠡᠨ‌‍ᠳᠤ ᠮᠧᠲ᠋ᠢᠯ ᠠᠯᠺᠣᠤᠯ ᠤᠨ ᠮᠠᠰᠢᠨ ᠲᠡᠷᠭᠡ ᠶᠢ ᠨᠡᠶᠢᠲᠡ 4000 ᠳᠡᠯᠭᠡᠷᠡᠭᠦᠯᠬᠦ ᠪᠣᠯᠣᠨ᠎ᠠ᠂ ᠲᠡᠷᠡ ᠮᠥᠷᠲᠡᠭᠡᠨ ︽ᠲᠡᠷᠭᠡ ᠶᠢ ᠳᠠᠭᠠᠵᠤ ᠥᠷᠲᠡᠭᠡ ᠪᠠᠶᠢᠭᠤᠯᠬᠤ︾ ᠵᠠᠷᠴᠢᠮ ᠢᠶᠠᠷ ᠭᠤᠣᠯᠳᠠᠯᠭ᠎ᠠ ᠲᠠᠢ ᠲᠡᠭᠡᠭᠡᠪᠦᠷᠢ ᠶᠢᠨ ᠭᠤᠣᠯ ᠱᠤᠭᠤᠮ ᠵᠢᠴᠢ ᠡᠷᠭᠢᠨ ᠲᠣᠭᠤᠷᠢᠨ ᠳᠤ 50 ᠠᠴᠠ ᠳᠡᠭᠡᠭᠰᠢ ᠮᠧᠲ᠋ᠢᠯ ᠠᠯᠺᠣᠣᠯ ᠨᠡᠮᠡᠬᠦ ᠥᠷᠲᠡᠭᠡ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃     ︽ᠬᠤᠣᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠷ ᠪᠣᠬᠢᠷᠳᠤᠯ ᠦᠭᠡᠢ ᠵᠠᠮ ᠲᠡᠭᠡᠭᠡᠪᠦᠷᠢ ᠶᠢᠨ ᠰᠢᠰᠲ᠋ᠧᠮᠵᠢ ᠳᠤ ᠡᠨᠧᠷᠭᠢ ᠣᠯᠭᠤᠬᠤ︾ ᠰᠢᠨ᠎ᠡ ᠬᠥᠭᠵᠢᠯᠲᠡ‌‍ᠶᠢᠨ ᠣᠶᠢᠯᠠᠭᠠᠭᠳᠠᠬᠤᠨ ᠢ ᠪᠡᠶᠡᠯᠡᠭᠦᠯᠵᠦ᠂ ᠮᠧᠲ᠋ᠢᠯ ᠠᠯᠺᠣᠤᠯ ᠤᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠶᠢᠨ ᠲᠤᠰᠠᠳᠠ᠂ ᠬᠥᠬᠡᠬᠤᠲᠠ ᠶᠢᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ︽ᠬᠥᠬᠡᠬᠤᠲᠠ ᠶᠢᠨ ᠮᠧᠲ᠋ᠢᠯ ᠠᠯᠺᠣᠤᠯ ᠤᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃     ᠲᠣᠰ ︽ᠲᠥᠰᠥᠯ︾ ᠨᠢ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠯᠠᠪᠳᠠᠭᠤᠨ ᠢᠶᠠᠷ ᠠᠬᠢᠭᠤᠯᠬᠤ ᠵᠠᠷᠴᠢᠮ ᠢ ᠪᠠᠷᠢᠮᠲᠠᠯᠠᠨ᠂ ᠠᠮᠤᠷ ᠲᠦᠪᠰᠢᠨ ᠢ ᠪᠥᠬᠦ ᠬᠤᠲᠠ ᠶᠢᠨ ᠮᠧᠲ᠋ᠢᠯ ᠠᠯᠺᠣᠤᠯ ᠤᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠲᠥᠷᠥᠯ ᠵᠦᠢᠯ‌‍ᠤᠨ ᠬᠠᠮᠢᠶᠠᠷᠤᠯᠲᠠ ᠪᠠ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠪᠥᠬᠦ ᠬᠤᠲᠠ ᠳᠤ ᠮᠧᠲ᠋ᠢᠯ ᠠᠯᠺᠣᠤᠯ  ᠤᠨ ᠮᠠᠰᠢᠨ  ᠲᠡᠷᠭᠡ  ᠶᠢ ᠳᠡᠯᠭᠡᠷᠡᠭᠦᠯᠵᠦ᠂ ᠤᠷᠢᠳ ᠢᠶᠠᠷ ᠨᠥᠬᠦᠴᠡᠯ ᠲᠠᠢ ᠭᠠᠵᠠᠷ ᠣᠷᠣᠨ ᠳᠤ ᠡᠯ᠎ᠡ ᠲᠥᠷᠥᠯ ᠤᠨ ᠮᠧᠲ᠋ᠢᠯ ᠠᠯᠺᠣᠤᠯ ᠤᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠵᠦ᠂ ᠬᠠᠭᠤᠯᠪᠤᠷᠢᠯᠠᠵᠤ ᠪᠣᠯᠬᠤ ᠵᠠᠭᠪᠤᠷ ᠢ ᠪᠣᠶ ᠪᠣᠯᠭᠠᠵᠤ᠂ ᠪᠥᠬᠦ ᠬᠤᠲᠠ ᠳᠤ ᠠᠯᠬᠤᠮ ᠠᠯᠬᠤᠮ ᠢᠶᠠᠷ ᠳᠡᠯᠭᠡᠷᠡᠭᠦᠯᠵᠦ᠂ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠢᠶᠠᠷ ᠶᠠᠪᠤᠭᠳᠠᠬᠤ ᠶᠢ ᠪᠠᠲᠤᠯᠠᠨ᠎ᠠ᠃ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠵᠠᠷᠴᠢᠮ ᠢ ᠪᠠᠷᠢᠮᠲᠠᠯᠠᠨ᠂ ᠵᠠᠰᠠᠭ ᠤᠨ ᠣᠷᠳᠣᠨ ᠬᠠᠮᠢᠶᠠᠷᠬᠤ᠂ ᠵᠣᠬᠢᠴᠠᠭᠤᠯᠬᠤ ᠪᠠ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠲᠤ ᠳᠡᠯᠭᠡᠷᠡᠭᠦᠯᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠢᠶ᠎ᠠ ᠪᠦᠬᠦᠢ ᠨᠢᠭᠡᠴᠢ ᠪᠣᠯᠣᠨ ᠰᠠᠯᠠᠭ᠎ᠠ ᠮᠥᠴᠢᠷ ᠤᠨ ᠢᠳᠡᠪᠬᠢᠵᠢᠯ ᠢ ᠢᠳᠡᠪᠬᠢᠲᠡᠢ ᠪᠠᠷ ᠳᠠᠶᠢᠴᠢᠯᠠᠵᠤ᠂ ᠮᠧᠲ᠋ᠢᠯ ᠠᠯᠺᠣᠤᠯ ᠲᠦᠯᠡᠰᠢ ᠶᠢ ᠦᠢᠯᠡᠳᠪᠦᠷᠢᠯᠡᠬᠦ᠂ ᠬᠠᠳᠠᠭᠠᠯᠠᠵᠤ ᠲᠡᠭᠡᠭᠡᠪᠦᠷᠢᠯᠡᠬᠦ᠂ ᠢᠵᠢ ᠪᠦᠷᠢᠳᠦᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠮᠧᠲ᠋ᠢᠯ ᠠᠯᠺᠣᠤᠯ ᠤᠨ ᠮᠠᠰᠢᠨ ᠲᠡᠷᠭᠡᠨ ᠤ ᠵᠠᠬ᠎ᠠ ᠳᠡᠯᠭᠡᠭᠦᠷ ᠲᠤ ᠳᠡᠯᠭᠡᠷᠡᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠬᠡᠷᠡᠭᠯᠡᠬᠦ ᠮᠧᠲ᠋ᠢᠯ ᠠᠯᠺᠣᠤᠯ ᠲᠦᠯᠡᠰᠢ ᠶᠢ ᠦᠢᠯᠡᠳᠪᠦᠷᠢᠯᠡᠬᠦ᠂ ᠲᠣᠬᠢᠷᠠᠭᠤᠯᠬᠤ ᠵᠢᠴᠢ ᠳᠠᠮᠵᠢᠭᠤᠯᠤᠨ ᠲᠦᠭᠡᠭᠡᠬᠦ ᠳᠤ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠳᠡᠯᠭᠡᠷᠡᠭᠦᠯᠦᠨ ᠬᠡᠷᠡᠭᠯᠡᠬᠦ ᠮᠧᠲ᠋ᠢᠯ ᠠᠯᠺᠣᠤᠯ ᠤᠨ ᠮᠠᠰᠢᠨ ᠲᠡᠷᠭᠡ ᠶᠢ ᠡᠷᠬᠡᠪᠰᠢ ᠤᠯᠤᠰ ᠤᠨ ︽ᠵᠠᠮ ᠤᠨ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠦᠢᠯᠡᠳᠬᠦᠨ ᠤ ᠭᠠᠷᠴᠠᠭ︾ ᠲᠤ ᠣᠷᠣᠭᠤᠯᠵᠤ᠂ ᠮᠧᠲ᠋ᠢᠯ ᠠᠯᠺᠣᠤᠯ ᠤᠨ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠡᠷᠬᠡᠪᠰᠢ ᠮᠠᠰᠢᠨ ᠲᠡᠷᠭᠡᠨ ᠤ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号