9 ᠰᠠᠷ᠎ᠠ ᠶᠢᠨ 21 - 22 ᠤᠨ ᠡᠳᠦᠷ ᠪᠤᠯᠲᠠᠯ᠎ᠠ᠂ ᠲᠣᠮᠲᠠᠲᠣ ᠤᠯᠤᠰ ᠤᠨ ᠮᠣᠩᠭᠤᠯ ᠤᠳᠬ᠎ᠠ ᠵᠣᠬᠢᠶᠠᠯ ᠤᠨ | ᠰᠢᠨᠵᠢᠯᠡᠭᠡᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ᠂ ᠲᠣᠮᠲᠠᠲᠣ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠳᠬ᠎ᠠ ᠵᠣᠬᠢᠶᠠᠯ ᠰᠤᠳᠤᠯᠬᠤ ᠰᠠᠭᠤᠷᠢᠨ ᠵᠡᠷᠭᠡ ᠨᠢᠭᠡᠴᠢ ᠠᠴᠠ ᠳᠠᠭᠠᠭᠠᠴᠢᠯᠠᠨ ᠡᠷᠭᠢᠯᠡᠭᠰᠡᠨ | ᠳ᠋ᠢᠵᠢᠲ᠋ᠠᠯ ᠬᠥᠮᠦᠯᠢᠭ ᠬᠢᠭᠡᠳ ᠤᠳᠬ᠎ᠠ ᠵᠣᠬᠢᠶᠠᠯ ᠤᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠵᠢᠴᠢ | ᠲᠣᠮᠲᠠᠲᠣ ᠤᠯᠤᠰ ᠤᠨ ᠮᠣᠩᠭᠤᠯ ᠤᠳᠬ᠎ᠠ ᠵᠣᠬᠢᠶᠠᠯ ᠤᠨ ᠰᠢᠨᠵᠢᠯᠡᠭᠡᠨ ᠤ ᠨᠡᠶᠢᠭᠡᠮᠯᠢᠭ ᠤᠨ 2024 ᠣᠨ ᠤ | ᠡᠭᠡᠯᠵᠢᠲᠦ ᠬᠤᠷᠠᠯ ᠭᠦᠭᠡᠬᠤᠲᠠ ᠳᠤ ᠶᠠᠪᠤᠭᠳᠠᠪᠠ᠃ | ᠬᠤᠷᠠᠯ ᠨᠢ ᠭᠤᠣᠯ ᠰᠡᠳᠦᠪᠲᠦ ᠢᠯᠡᠳᠬᠡᠯ ᠪᠣᠯᠣᠨ ᠰᠠᠯᠪᠤᠷᠢ ᠳᠤᠭᠤᠶᠢᠯᠠᠩ ᠤᠨ ᠢᠯᠡᠳᠬᠡᠯ ᠤᠨ ᠭᠡᠯᠪᠡᠷᠢ ᠪᠠᠷ | ᠶᠠᠪᠤᠭᠳᠠᠵᠤ᠂ ᠲᠣᠮᠲᠠᠲᠣ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠶᠡᠭᠡ | ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠣᠮᠲᠠᠲᠣ ᠤᠯᠤᠰ ᠤᠨ ᠦᠨᠳᠦᠰᠦᠲᠡᠨ ᠤ | ᠨᠣᠮ ᠤᠨ ᠰᠠᠩ᠂ ᠱᠠᠩᠬᠠᠢ ᠶᠢᠨ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠤ ᠪᠠᠭᠰᠢ ᠶᠢᠨ ᠶᠡᠭᠡ ᠰᠤᠷᠭᠠᠭᠤᠯᠢ | ᠵᠡᠷᠭᠡ ᠣᠷᠣᠨ ᠤ ᠳᠣᠲᠣᠨ᠎ᠠ ᠭᠠᠳᠠᠨᠠᠬᠢ ᠡᠯ᠎ᠡ ᠶᠡᠭᠡ ᠳᠡᠭᠡᠳᠦ ᠰᠤᠷᠭᠠᠭᠤᠯᠢ ᠪᠣᠯᠣᠨ ᠡᠷᠳᠡᠮ ᠰᠢᠨᠵᠢᠯᠡᠭᠡᠨ ᠤ | ᠪᠠᠶᠢᠭᠤᠯᠤᠮᠵᠢ ᠶᠢᠨ 90 ᠭᠠᠷᠤᠢ ᠡᠷᠳᠡᠮᠲᠡᠨ ᠰᠤᠳᠤᠯᠭᠠᠲᠠᠨ ᠬᠤᠷᠠᠯ ᠳᠤ ᠣᠷᠣᠯᠴᠠᠵᠦ᠂ ︽ᠳ᠋ᠢᠵᠢᠲ᠋ᠠᠯ ᠬᠥᠮᠦᠯᠢᠭ | ᠬᠢᠭᠡᠳ ᠤᠳᠬ᠎ᠠ ᠵᠣᠬᠢᠶᠠᠯ ᠤᠨ ᠬᠥᠭᠵᠢᠯᠲᠡ︾ ᠭᠡᠬᠦ ᠭᠤᠣᠯ ᠰᠡᠳᠦᠪ ᠤᠨ ᠲᠣᠭᠤᠷᠢᠨ ᠳᠤ ᠮᠣᠩᠭᠤᠯ ᠤᠳᠬ᠎ᠠ | ᠵᠣᠬᠢᠶᠠᠯ ᠤᠨ ᠰᠢᠨᠵᠢᠯᠡᠭᠡᠨ ᠤ ᠰᠢᠨ᠎ᠡ ᠰᠡᠳᠬᠢᠴᠡ᠂ ᠰᠢᠨ᠎ᠡ ᠠᠷᠭ᠎ᠠ ᠪᠠᠷᠢᠯ ᠢ ᠰᠤᠳᠤᠯᠤᠨ ᠶᠠᠷᠢᠯᠴᠠᠭᠰᠠᠨ ᠪᠠᠶᠢᠨ᠎ᠠ᠃ | ᠳ᠋ᠢᠵᠢᠲ᠋ᠠᠯ ᠬᠥᠮᠦᠯᠢᠭ ᠤᠨ ᠲᠤᠰᠬᠠᠢ ᠮᠡᠷᠭᠡᠵᠢᠯ ᠪᠣᠯ ᠺᠤᠮᠫᠢᠦ᠋ᠲ᠋ᠧᠷ ᠤᠨ ᠰᠢᠨᠵᠢᠯᠡᠭᠡᠨ ᠤ ᠰᠠᠯᠠᠭ᠎ᠠ ᠬᠢᠭᠡᠳ | ᠬᠥᠮᠦᠯᠢᠭ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠠᠭᠤᠯᠵᠠᠷ ᠤᠨ ᠬᠦᠷᠢᠶ᠎ᠡ ᠴᠠᠷᠠᠭ᠎ᠠ ᠳᠤ | ᠰᠤᠷᠤᠯᠴᠠᠬᠤ᠂ ᠰᠤᠳᠤᠯᠬᠤ᠂ ᠡᠭᠦᠳᠦᠨ ᠪᠦᠲᠦᠭᠡᠬᠦ ᠨᠢᠭᠡ ᠵᠦᠢᠯ ᠤᠨ ᠰᠢᠨ᠎ᠡ ᠰᠢᠨᠵᠢᠯᠡᠭᠡᠨ ᠤ ᠰᠠᠯᠠᠭ᠎ᠠ ᠮᠥᠨ᠃ ᠲᠡᠷᠡ | ᠨᠢ ᠺᠤᠮᠫᠢᠦ᠋ᠲ᠋ᠧᠷ ᠤᠨ ᠰᠢᠨᠵᠢᠯᠡᠬᠦ ᠤᠬᠠᠭᠠᠨ ᠪᠣᠯᠣᠨ ᠬᠥᠮᠦᠯᠢᠭ ᠤᠨ ᠰᠢᠨᠵᠢᠯᠡᠬᠦ ᠤᠬᠠᠭᠠᠨ ᠤ ᠰᠣᠯᠪᠢᠴᠠᠯ ᠤᠨ | ᠬᠦᠷᠢᠶ᠎ᠡ ᠪᠠᠷ ᠰᠤᠳᠤᠯᠤᠭᠳᠠᠬᠤᠨ ᠢᠶᠠᠨ ᠪᠤᠯᠭᠠᠵᠦ᠂ ᠳ᠋ᠢᠵᠢᠲ᠋ᠠᠯ ᠬᠥᠮᠦᠯᠢᠭ ᠤᠨ ᠡᠩ ᠤᠨ ᠵᠢᠮ᠎ᠡ ᠶᠣᠰᠣ ᠶᠢ ᠰᠢᠰᠲ᠋ᠧᠮ | ᠲᠠᠢ ᠰᠤᠳᠤᠯᠬᠤ᠂ ᠳ᠋ᠢᠵᠢᠲ᠋ᠠᠯ ᠬᠥᠮᠦᠯᠢᠭ ᠤᠨ ᠣᠨᠣᠯ ᠤᠨ ᠰᠢᠰᠲ᠋ᠧᠮ ᠢ ᠪᠠᠶᠢᠭᠤᠯᠬᠤ᠂ ᠺᠤᠮᠫᠢᠦ᠋ᠲ᠋ᠧᠷ ᠤᠨ ᠵᠥᠭᠡᠯᠡᠨ | ᠲᠣᠨᠤᠬ ᠠᠵᠢᠯᠯᠠᠬᠤ ᠰᠢᠰᠲ᠋ᠧᠮ ᠪᠠ ᠳ᠋ᠢᠵᠢᠲ᠋ᠠᠯ ᠦᠢᠯᠡᠳᠬᠦᠨ ᠢ ᠰᠤᠳᠤᠯᠤᠨ ᠨᠡᠭᠡᠭᠡᠬᠦ ᠭᠡᠬᠦ ᠮᠡᠲᠦ ᠶᠢᠨ | ᠲᠣᠭᠠᠴᠢᠯᠠᠭᠰᠠᠨ ᠮᠡᠷᠭᠡᠵᠢᠯ ᠪᠠ ᠬᠥᠮᠦᠯᠢᠭ ᠰᠣᠶᠣᠯ ᠢ ᠡᠵᠡᠮᠰᠢᠭᠰᠡᠨ ᠰᠢᠨ᠎ᠡ ᠶᠢ ᠡᠭᠦᠳᠬᠦ ᠴᠢᠳᠠᠪᠤᠷᠢᠲᠠᠨ ᠢ | ᠬᠥᠮᠥᠵᠢᠭᠦᠯᠬᠦ ᠪᠠᠷ ᠵᠣᠷᠢᠯᠭ᠎ᠠ ᠪᠣᠯᠭᠠᠳᠠᠭ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ | ᠰᠤᠳᠤᠯᠤᠯ ᠤᠨ ᠳᠡᠭᠡᠳᠦ ᠰᠤᠷᠭᠠᠭᠤᠯᠢ ᠣᠷᠲᠣ ᠬᠤᠭᠤᠴᠠᠭᠠᠨ ᠤ ᠬᠤᠷᠠᠮᠳᠤᠭᠤᠯᠭ᠎ᠠ ᠶᠢᠨ ᠰᠠᠭᠤᠷᠢᠨ ᠳᠡᠭᠡᠷ᠎ᠡ | 2022 ᠣᠨ ᠳᠤ ᠪᠦᠭᠦ ᠤᠯᠤᠰ ᠤᠨ ᠠᠩᠬᠠᠳᠠᠭᠴᠢ ᠳ᠋ᠢᠵᠢᠲ᠋ᠠᠯ ᠬᠥᠮᠦᠯᠢᠭ ᠤᠨ ᠵᠢᠩᠬᠢᠨᠢ ᠠᠩᠭᠢ ᠶᠢᠨ ᠲᠤᠰᠬᠠᠢ | ᠮᠡᠷᠭᠡᠵᠢᠯ ᠢ ᠠᠮᠵᠢᠯᠲᠠ ᠲᠠᠢ ᠭᠤᠶᠤᠴᠢᠯᠠᠵᠤ᠂ ᠰᠤᠷᠭᠠᠨ ᠬᠥᠮᠦᠵᠢᠯ ᠤᠨ ᠶᠠᠮᠤᠨ ᠢᠶᠠᠷ ᠵᠥᠪᠰᠢᠶᠡᠷᠡᠭᠦᠯᠦᠭᠰᠡᠨ ᠪᠠᠶᠢᠨ᠎ᠠ᠃ | ︽ᠲᠣᠭᠠᠵᠢᠭᠤᠯᠬᠤ ᠮᠡᠷᠭᠡᠵᠢᠯ ᠪᠣᠯ ᠬᠥᠮᠥᠨ ᠲᠥᠷᠥᠯᠬᠢᠲᠡᠨ ᠤ ᠨᠢᠭᠡ ᠵᠦᠢᠯ ᠤᠨ ᠴᠣ ᠰᠢᠨ᠎ᠡ ᠰᠡᠳᠬᠢᠬᠦ ᠭᠡᠯᠪᠡᠷᠢ᠂ | ᠢᠯᠡᠳᠬᠡᠬᠦ ᠭᠡᠯᠪᠡᠷᠢ᠂ ᠬᠦᠦᠷᠨᠢᠬᠦ ᠭᠡᠯᠪᠡᠷᠢ ᠪᠣᠯᠣᠨ᠎ᠠ᠃ ᠳ᠋ᠢᠵᠢᠲ᠋ᠠᠯ ᠤᠳᠬ᠎ᠠ ᠵᠣᠬᠢᠶᠠᠯ ᠨᠢ ᠴᠠᠭᠠᠰᠤᠨ ᠬᠡᠪᠯᠡᠭᠳᠡᠬᠦᠨ ᠤ | ᠪᠠᠭᠲᠠᠭᠠᠮᠵᠢ ᠬᠢᠭᠡᠳ ᠦᠰᠦᠭ ᠪᠢᠴᠢᠭ ᠢᠶᠠᠷ ᠲᠡᠮᠳᠡᠭᠯᠡᠨ ᠬᠦᠦᠷᠨᠢᠬᠦ ᠭᠡᠯᠪᠡᠷᠢ ᠶᠢ ᠢᠯᠠᠨ ᠳᠠᠪᠠᠵᠤ᠂ | ᠺᠤᠮᠫᠢᠦ᠋ᠲ᠋ᠧᠷ ᠤᠨ ᠭᠡᠲᠦ ᠬᠤᠯᠪᠣᠯᠳᠤᠬᠤ ᠴᠢᠳᠠᠮᠵᠢ ᠪᠠᠷ ᠤᠳᠬ᠎ᠠ ᠵᠣᠬᠢᠶᠠᠯ ᠤᠨ ᠲᠡᠦᠬᠡᠨ ᠮᠠᠲ᠋ᠧᠷᠢᠶᠠᠯ ᠢ ᠲᠠᠭᠤ | ᠳᠣᠯᠭᠢᠶᠠᠨ᠂ ᠵᠢᠷᠤᠭ ᠳᠦᠷᠰᠦ᠂ ᠪᠣᠳᠠᠲᠤ ᠪᠣᠳᠠᠰ᠂ ᠦᠵᠡᠮᠵᠢ ᠲᠠᠯᠠᠪᠤᠷ ᠵᠡᠷᠭᠡ ᠣᠯᠠᠨ ᠠᠷᠭ᠎ᠠ ᠭᠡᠯᠪᠡᠷᠢ ᠪᠠᠷ | ᠦᠵᠡᠭᠦᠯᠭᠦ ᠪᠣᠯᠣᠨ᠎ᠠ︾ ᠭᠡᠵᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ | ᠰᠤᠳᠤᠯᠤᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠮᠠᠨ ᠴᠢᠣᠸᠠᠨ ᠶᠠᠷᠢᠵᠤ ᠪᠠᠶᠢᠯ᠎ᠠ᠃ | ᠬᠤᠷᠠᠯ ᠤᠨ ᠡᠭᠢᠯᠡᠯᠲᠡ ᠶᠢᠨ ᠶᠣᠰᠣᠯᠠᠯ ᠳᠡᠭᠡᠷ᠎ᠡ ᠪᠠᠰᠠ ︽ᠮᠣᠩᠭᠤᠯ ᠵᠣᠬᠢᠶᠠᠯᠴᠢᠳ ᠤᠨ ᠵᠣᠬᠢᠶᠠᠯ ᠤᠨ ᠰᠢᠯᠢᠮᠡᠯ︾ | ᠨᠣᠮ ᠢ ᠠᠩᠬ᠎ᠠ ᠲᠠᠷᠬᠠᠭᠠᠭᠰᠠᠨ ᠪᠠᠶᠢᠨ᠎ᠠ᠃ |