ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ | ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 26 ᠤ ᠡᠳᠦᠷ᠂ ︽ᠤᠯᠠᠭᠠᠨᠮᠥ᠋ᠴᠢᠷ ᠡᠭᠦᠷᠢᠳᠡ | ᠠᠷᠠᠳ ᠲᠦᠮᠡᠨ ᠲᠠᠢ ᠬᠠᠮᠲᠤ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠤᠯᠤᠰ ᠤᠨ ᠪᠠᠶᠠᠷ ᠤᠨ ᠲᠤᠰᠬᠠᠢ | ᠲᠣᠭᠯᠠᠯᠲᠠ ᠰᠠᠶᠢᠬᠠᠨ ᠲᠣᠭᠤᠷᠢᠭ ᠤᠨ ᠶᠢᠨ ᠳ᠋ᠢ ᠠᠭᠤᠳᠠᠮ ᠲᠠᠯᠠᠪᠠᠢ ᠳᠤ ᠶᠠᠪᠤᠭᠳᠠᠪᠠ᠃ | | | ᠲᠤᠰ ᠤᠳᠠᠭᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠪᠠᠶᠠᠯᠢᠭ ᠰᠠᠶᠢᠬᠠᠨ ᠰᠣᠶᠣᠯ | ᠤᠷᠠᠯᠢᠭ ᠤᠨ ᠬᠡᠯᠪᠡᠷᠢ ᠪᠠᠷ ᠥᠪᠥᠷ ᠮᠣᠩᠭᠤᠯ ᠤᠨᠭᠦ᠋ᠨ ᠵᠤᠵᠠᠭᠠᠨ ᠰᠣᠶᠣᠯ ᠤᠨ ᠠᠭᠤᠯᠬᠤᠨ ᠪᠣᠯᠣᠨ ᠰᠢᠨ᠎ᠡ ᠴᠠᠭ | ᠦᠶ᠎ᠡ ᠶᠢᠨ ᠤᠷᠠᠯᠢᠭ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠳᠡᠯᠭᠡᠨᠦᠵᠡᠭᠦᠯᠬᠦ ᠶᠢᠨ ᠲᠥᠯᠥᠭᠡ ᠶᠤᠮ᠃ | ᠲᠣᠭᠯᠠᠯᠲᠠ ᠨᠢ ᠪᠥᠵᠢᠭ ︽ᠰᠠᠭᠠᠷᠠᠯ ᠮᠣᠷᠢ︾ ᠪᠠᠷ ᠬᠥᠰᠢᠭᠡ ᠪᠠᠨ ᠰᠡᠬᠦᠵᠦ᠂ ᠳᠠᠷᠠᠭ᠎ᠠ ᠨᠢ ᠣᠷᠣᠨ ᠨᠤᠲᠤᠭ ᠤᠨ | ᠣᠨᠴᠠᠯᠢᠭ ᠲᠠᠢ ᠣᠯᠠᠨ ᠲᠣᠭᠯᠠᠯᠲᠠ ᠭᠠᠷᠭᠠᠵᠤ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠳᠠᠭᠤᠤ ᠪᠥᠵᠢᠭ | ᠪᠣᠯᠣᠨ ᠣᠳᠣ ᠦᠶ᠎ᠡ ᠶᠢᠨ ᠡᠯᠧᠮᠧᠨ᠋ᠲ ᠲᠠᠢ ᠤᠶᠠᠯᠳᠤᠭᠤᠯᠤᠨ᠂ ᠤᠭ ᠦᠨᠦᠷ ᠠᠮᠲᠠ ᠪᠠᠨ ᠬᠠᠳᠠᠭᠠᠯᠠᠭᠰᠠᠨ ᠮᠥᠷᠲᠡᠭᠡᠨ | ᠪᠠᠰᠠ ᠰᠢᠨ᠎ᠡ ᠰᠠᠨᠠᠭ᠎ᠠ ᠪᠦᠬᠦᠢ ᠤᠷᠠᠯᠢᠭ ᠤᠨ ᠪᠦᠲᠦᠭᠡᠯ ᠭᠠᠷᠭᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ | ᠬᠠᠯᠠᠭᠤᠨ ᠠᠯᠠᠭ᠎ᠠ ᠲᠡᠰᠢᠯᠲᠡ ᠶᠢ ᠣᠯᠵᠠᠢ᠃ | ᠰᠣᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ |