ᠤᠯᠠᠭᠠᠨ ᠭᠠᠪᠢᠷ᠎ᠠ ᠶᠢᠨ ᠴᠡᠴᠡᠭ ᠠᠩᠬᠢᠯᠤᠮ᠎ᠠ ᠦᠨᠦᠷ ᠬᠠᠩᠬᠤᠯᠤᠨ᠂ ᠨᠠᠮᠤᠷ ᠤᠨ ᠰᠠᠯᠬᠢ ᠰᠡᠩᠭᠢᠨᠡᠵᠦ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠭᠡᠷ | ᠣᠷᠣᠨ ᠢ ᠴᠣᠭᠴᠠᠯᠠᠨ ᠪᠠᠶᠢᠭᠤᠯᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠤᠯᠤᠰ ᠤᠨ ᠪᠠᠶᠠᠷ ᠬᠦᠷᠴᠦ | ᠢᠷᠡᠬᠦ ᠲᠠᠰᠢᠷᠠᠮ ᠢᠶᠠᠷ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠳᠤ ︽ᠬᠥᠷᠰᠢ ᠵᠡᠷᠭᠡᠯᠡᠳᠡᠭᠡ ᠶᠢᠨ ᠪᠠᠶᠠᠷ · ᠤᠯᠤᠰ ᠤᠨ ᠪᠠᠶᠠᠷ ᠢ ᠪᠠᠶᠠᠷᠯᠠᠨ ᠤᠭᠲᠤᠵᠤ ᠨᠡᠶᠢᠭᠡᠮ | ᠲᠣᠭᠤᠷᠢᠭ ᠢ ᠳᠤᠯᠠᠭᠠᠴᠠᠭᠤᠯᠬᠤ︾ ᠭᠤᠣᠯ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ | ᠥᠷᠨᠢᠭᠦᠯᠪᠡ᠃ | | ᠨᠡᠶᠢᠭᠡᠮ ᠲᠣᠭᠤᠷᠢᠭ ᠤᠨ ᠡᠯ᠎ᠡ ᠤᠷᠠᠨ ᠰᠠᠶᠢᠬᠠᠨ ᠤ ᠪᠦᠯᠬᠦᠮ ᠤᠨ ᠭᠡᠰᠢᠭᠦᠳ ᠲᠤᠬᠠᠢ ᠶᠢᠨ ᠲᠠᠯᠠᠪᠠᠢᠳᠤ | ᠪᠠᠶᠢᠭᠰᠠᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ ᠥᠭᠪᠡ᠃ ᠤᠷᠠᠨ ᠰᠠᠶᠢᠬᠠᠨ ᠤ | ᠲᠣᠭᠯᠠᠯᠲᠠ ᠨᠢ ︽ᠳᠤᠮᠳᠠᠳᠤ ᠪᠠᠨ ᠬᠠᠶᠢᠷᠠᠯᠠᠶ᠎ᠠ︾ ᠭᠡᠬᠦ ᠫᠷᠣᠭ᠍ᠷᠠᠮ ᠤᠨ ᠳᠤᠮᠳᠠ ᠬᠥᠰᠢᠭᠡ ᠪᠠᠨ ᠰᠡᠬᠦᠵᠦ᠂ ᠴᠡᠴᠡᠭᠯᠡᠨ | ᠬᠥᠭᠵᠢᠵᠦ᠂ ᠦᠨᠳᠦᠰᠦᠲᠡᠨ ᠤ ᠪᠠᠶᠠᠨ ᠬᠦᠴᠦᠷᠬᠡᠭ ᠳᠤᠮᠳᠠᠳᠤ ᠤᠯᠤᠰ ᠤᠨ ᠠᠶᠢᠵᠠᠮ ᠴᠣᠬᠢᠯᠭ᠎ᠠ ᠪᠠᠷ ᠬᠡᠰᠡᠭ ᠬᠡᠰᠡᠭ | ᠠᠯᠠᠭ᠎ᠠ ᠲᠡᠰᠢᠯᠲᠡ ᠶᠢ ᠣᠯᠪᠠ᠃ ︽ᠯᠣᠣ ᠶᠢᠨ ᠪᠥᠵᠢᠭ︾ ︽ᠲᠡᠬᠢᠭᠠᠦᠠ ᠨᠠᠮ ᠳᠠᠭᠠᠨ ᠨᠤᠲᠤᠭ ᠤᠨ ᠳᠠᠭᠤᠤ | ᠳᠠᠭᠤᠯᠠᠵᠤ ᠰᠣᠨᠣᠰᠬᠠᠶ᠎ᠠ︾ ᠵᠡᠷᠭᠡ ᠲᠣᠭᠯᠠᠯᠲᠠ ᠵᠠᠯᠭᠠᠭ᠎ᠠ ᠪᠠᠷ ᠲᠠᠶᠢᠰᠠᠨ ᠳᠤ ᠭᠠᠷᠴᠤ᠂ ᠲᠣᠭᠯᠠᠭᠴᠢᠳ ᠭᠤᠶᠢᠳᠠ | ᠰᠠᠶᠢᠬᠠᠨ ᠪᠥᠵᠢᠭ ᠤᠨ ᠳᠥᠷᠢ ᠲᠥᠷᠬᠦ᠂ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠲᠣᠭᠯᠠᠯᠲᠠ ᠪᠦᠬᠦᠠ ᠢ | ᠬᠥᠮᠥᠰ ᠤᠨ ᠰᠡᠳᠬᠢᠯ ᠳᠤ ᠬᠠᠳᠠᠩᠰᠢᠲᠠᠯ᠎ᠠ ᠲᠣᠭᠯᠠᠵᠠᠢ᠃ | ᠲᠤᠰ ᠤᠳᠠᠭ᠎ᠠ ᠶᠢᠨ ᠠᠵᠢᠯᠯᠠᠭ᠎ᠠ ᠨᠢ ᠤᠯᠤᠰ ᠤᠨ ᠪᠠᠶᠠᠷ ᠢ ᠪᠠᠶᠠᠷᠯᠠᠨ ᠪᠡᠯᠭᠡᠯᠡᠬᠦ ᠪᠠᠷ ᠭᠤᠣᠯ ᠰᠡᠳᠦᠪ ᠪᠣᠯᠭᠠᠵᠤ᠂ | ᠬᠠᠷᠢᠶ᠎ᠠ ᠣᠷᠣᠨ ᠤ ᠤᠯᠠᠨ ᠲᠦᠮᠡᠨ ᠢᠶᠠᠷ ᠭᠤᠣᠯ ᠳᠦᠷᠢ ᠪᠣᠯᠭᠠᠵᠤ᠂ ᠪᠠᠶᠠᠯᠢᠭ ᠰᠠᠶᠢᠬᠠᠨ ᠤᠷᠠᠨ ᠰᠠᠶᠢᠬᠠᠨ ᠤ | ᠲᠣᠭᠯᠠᠯᠲᠠ ᠶᠢ ᠬᠠᠷᠢᠶ᠎ᠠ ᠣᠷᠣᠨ ᠤ ᠤᠯᠠᠨ ᠲᠦᠮᠡᠨ ᠳᠤ ᠥᠭᠴᠦ᠂ ᠪᠣᠳᠠᠲᠤ ᠠᠵᠢᠯᠯᠠᠭ᠎ᠠᠪᠠᠷ ᠢᠶᠠᠨ ᠳᠤᠮᠳᠠᠳᠤ ᠶᠢᠨ | ᠰᠣᠶᠣᠯ ᠢ ᠤᠯᠠᠮᠵᠢᠯᠠᠵᠤ᠂ ᠰᠣᠶᠣᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠠᠵᠢᠯᠯᠠᠭ᠎ᠠ ᠪᠠᠷ ᠪᠣᠯᠪᠠᠰᠤᠨ ᠢ | ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠡᠢ᠃ | ᠢᠷᠡᠭᠡᠳᠦᠢ ᠳᠤ᠂ ᠪᠧᠨ ᠲᠧᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠷᠳᠡᠭᠡ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ | ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠤᠯᠤᠨ᠎ᠠ᠃ | | |