3 ᠠᠯᠲᠠᠨ ᠮᠧᠳᠠᠯ 1 ᠮᠥᠩᠭᠦᠨ ᠮᠧᠳᠠᠯ ᠣᠯᠪᠠ
ᠨᠡᠶᠢᠲᠡᠯᠡᠭᠰᠡᠨ ᠴᠠᠭ᠄
2025/1/10
    ᠤᠯᠠᠭᠠᠨᠬᠠᠳᠠ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠤ ᠳᠡᠯᠡᠬᠡᠢ ᠶᠢᠨ ᠣᠶ ᠰᠢᠭᠤᠢ ᠶᠢᠨ ᠪᠦᠲᠦᠭᠡᠭᠳᠡᠬᠦᠨ ᠵᠢᠴᠢ ᠮᠣᠳᠣᠨ ᠡᠳ᠋ᠯᠡᠯ ᠤᠨ ᠦᠵᠡᠰᠭᠦᠯᠡᠩ ᠤᠨ ᠱᠠᠩᠨᠠᠯ ᠬᠦᠷᠲᠡᠭᠰᠡᠳ ᠤᠨ ᠨᠡᠷᠡᠰ ᠢ ᠲᠦᠷᠦᠭᠦᠬᠡᠨ ᠨᠡᠶᠢᠲᠡᠯᠡᠵᠦ᠂ ᠤᠯᠠᠭᠠᠨᠬᠠᠳᠠ ᠬᠤᠲᠠ ᠶᠢᠨ 4 ᠣᠨᠴᠠᠯᠢᠭᠲᠤ ᠪᠦᠲᠦᠭᠡᠭᠳᠡᠬᠦᠨ 3 ᠠᠯᠲᠠᠨ ᠮᠧᠳᠠᠯ 1 ᠮᠥᠩᠭᠦᠨ ᠮᠧᠳᠠᠯ ᠣᠯᠣᠭᠰᠠᠨ ᠪᠠᠶᠢᠨ᠎ᠠ᠃
    ᠣᠶᠢᠯᠠᠭᠠᠭᠰᠠᠨ ᠢᠶᠠᠷ᠂ 2024 ᠣᠨ ᠤ ᠳᠡᠯᠡᠬᠡᠢ ᠶᠢᠨ ᠣᠶ ᠰᠢᠭᠤᠢ ᠶᠢᠨ ᠪᠦᠲᠦᠭᠡᠭᠳᠡᠬᠦᠨ ᠵᠢᠴᠢ ᠮᠣᠳᠣᠨ ᠡᠳ᠋ᠯᠡᠯ ᠤᠨ ᠦᠵᠡᠰᠭᠦᠯᠡᠩ ᠭᠤᠸᠠᠩᠰᠢ ᠶᠢᠨ ᠨᠠᠨᠨᠢᠩ ᠳᠤ ᠶᠠᠪᠤᠭᠳᠠᠵᠤ᠂ ᠭᠧᠷᠮᠠᠨ᠂ ᠺᠠᠨᠠᠳᠠ᠂ ᠣᠷᠣᠰ ᠵᠡᠷᠭᠡ 26 ᠤᠯᠤᠰ ᠣᠷᠣᠨ ᠤ 1100 ᠭᠠᠷᠤᠢ ᠠᠷᠠᠯᠵᠢᠶᠠᠴᠢᠨ ᠦᠵᠡᠰᠭᠦᠯᠡᠩ ᠳᠤ ᠤᠷᠤᠯᠴᠠᠵᠥ᠂ 3 ᠲᠦᠮᠡ ᠭᠠᠷᠤᠢ ᠡᠯ᠎ᠡ ᠲᠥᠷᠥᠯ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ 12 ᠲᠦᠮᠡ ᠭᠠᠷᠤᠢ ᠬᠥᠮᠥᠨ ᠤᠳᠠᠭ᠎ᠠ ᠶᠢᠨ ᠦᠵᠡᠭᠴᠢᠳ ᠤᠨ ᠠᠩᠬᠠᠷᠤᠯ ᠢ ᠲᠠᠲᠠᠪᠠ᠃
    ᠳᠡᠯᠡᠬᠡᠢ ᠶᠢᠨ ᠣᠶ ᠰᠢᠭᠤᠢ ᠶᠢᠨ ᠪᠦᠲᠦᠭᠡᠭᠳᠡᠬᠦᠨ ᠵᠢᠴᠢ ᠮᠣᠳᠣᠨ ᠡᠳ᠋ᠯᠡᠯ ᠤᠨ ᠦᠵᠡᠰᠭᠦᠯᠡᠩ ᠤᠨ ᠵᠣᠬᠢᠶᠠᠨ ᠪᠠᠶᠢᠭᠤᠯᠬᠤ ᠺᠣᠮᠢᠰ ᠤᠨ︽2024 ᠣᠨ ᠤ ᠳᠡᠯᠡᠬᠡᠢ ᠶᠢᠨ ᠣᠶ ᠰᠢᠭᠤᠢ ᠶᠢᠨ ᠪᠦᠲᠦᠭᠡᠭᠳᠡᠬᠦᠨ ᠵᠢᠴᠢ ᠮᠣᠳᠣᠨ ᠡᠳ᠋ᠯᠡᠯ  ᠤᠨ ᠦᠵᠡᠰᠭᠦᠯᠡᠩ ᠤᠨ ᠭᠤᠣᠯ ᠬᠤᠷᠠᠯ ᠤᠨ ᠲᠠᠯᠠᠪᠠᠶ ᠶᠢᠨ ᠱᠠᠩᠨᠠᠯ ᠤᠨ ᠵᠦᠢᠯ ᠢ ᠰᠢᠯᠭᠠᠷᠠᠭᠤᠯᠬᠤ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠬᠠᠮᠲᠤ ᠪᠠᠷ ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠱᠠᠩᠨᠠᠯ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠤᠳᠤᠷᠢᠳᠬᠤ ᠳᠤᠭᠤᠶᠢᠯᠠᠩ ᠤᠨ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ 2024 ᠣᠨ ᠤ ᠳᠡᠯᠡᠬᠡᠢ ᠶᠢᠨ  ᠣᠶ ᠰᠢᠭᠤᠢ ᠶᠢᠨ ᠪᠦᠲᠦᠭᠡᠭᠳᠡᠬᠦᠨ ᠵᠢᠴᠢ ᠮᠣᠳᠣᠨ ᠡᠳ᠋ᠯᠡᠯ ᠤᠨ ᠦᠵᠡᠰᠭᠦᠯᠡᠩ ᠤᠨ ᠪᠦᠲᠦᠭᠡᠭᠳᠡᠬᠦᠨ ᠤ ᠱᠠᠩᠨᠠᠯ ᠤᠨ ᠣᠨᠴᠠ ᠲᠠᠰ ᠤᠨ ᠱᠠᠩᠨᠠᠯ 30᠂ ᠠᠯᠲᠠᠨ ᠱᠠᠩᠨᠠᠯ 143᠂ ᠮᠥᠩᠭᠦᠨ ᠱᠠᠩᠨᠠᠯ 170᠂ ᠬᠠᠮᠤᠭ ᠤᠨ ᠰᠠᠶᠢᠨ ᠵᠢᠷᠤᠭ ᠲᠥᠯᠥᠪᠯᠡᠭᠡ ᠶᠢᠨ ᠱᠠᠩᠨᠠᠯ 30᠂ ᠰᠢᠯᠢᠳᠡᠭ ᠵᠢᠷᠤᠭ ᠲᠥᠯᠥᠪᠯᠡᠭᠡ ᠶᠢᠨ ᠱᠠᠩᠨᠠᠯ 20᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ 60 ᠶᠢ ᠰᠢᠯᠭᠠᠷᠠᠭᠤᠯᠤᠨ ᠭᠠᠷᠭᠠᠪᠠ᠃
    ᠲᠣᠰ ᠤᠳᠠᠭ᠎ᠠ ᠤᠯᠠᠭᠠᠨᠬᠠᠳᠠ ᠬᠤᠲᠠ ᠶᠢᠨ ᠬᠢᠨ ᠡᠯᠡᠰᠦᠨ ᠴᠥᠯ ᠤᠨ ᠴᠡᠴᠡᠭ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠣᠷᠭᠠᠨᠢᠭ ᠴᠢᠴᠠᠷᠭᠠᠨ᠎ᠠ ᠶᠢᠨ ᠤᠭ ᠡᠭᠡᠳᠡᠩ᠂ ᠴᠠᠩ ᠶᠤᠸᠠᠨ ᠰᠤᠪᠢᠯᠠᠯᠲᠠ ᠶᠢᠨ ᠴᠠᠢ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠰᠡᠩᠳᠡᠩ ᠮᠣᠳᠣᠨ ᠤ ᠵᠢᠮᠢᠰ ᠤᠨ ᠴᠠᠢ᠂ ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠰᠡᠩᠳᠡᠩ ᠮᠣᠳᠣᠨ ᠤ ᠵᠢᠮᠢᠰ ᠤᠨ ᠴᠠᠢ ᠲᠣᠰ ᠲᠣᠰ ᠠᠯᠲᠠᠨ ᠱᠠᠩᠨᠠᠯ ᠬᠦᠷᠲᠡᠵᠦ᠂ ᠲᠢᠶᠠᠨ ᠪᠠᠢ ᠱᠠᠨ ᠤᠮᠳᠠᠭᠠᠨ ᠤ ᠬᠢᠵᠠᠭᠠᠷᠲᠤ ᠺᠤᠮᠫᠠᠨᠢ ᠶᠢᠨ ᠵᠢᠮᠢᠰ ᠤᠨ ᠰᠢᠭᠦᠰᠦ ᠶᠢᠨ ᠤᠮᠳᠠᠭᠠᠨ ᠨᠢ ᠮᠥᠩᠭᠦᠨ ᠱᠠᠩᠨᠠᠯ ᠭᠦᠷᠳᠡᠪᠡ᠃     ᠢᠷᠡᠯᠲᠡ᠄ ᠤᠮᠠᠷᠠᠲᠤ ᠶᠢᠨ ᠰᠦᠯᠵᠢᠶ᠎ᠡ  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号