︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠰᠢᠤᠳᠠᠨ ᠤ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠰᠢᠤᠳᠠᠨ ᠤ | ᠶᠠᠪᠤᠳᠠᠯ ᠤᠨ ᠲᠦᠷᠭᠡᠨ ᠬᠦᠷᠭᠡᠬᠦ ᠠᠵᠢᠯ ᠲᠥᠷᠥᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠢᠯᠡᠬᠡᠨ ᠬᠦᠷᠭᠡᠬᠦ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠤᠳᠠᠨ ᠤ ᠲᠦᠷᠭᠡᠨ ᠬᠦᠷᠭᠡᠬᠦ ᠦᠢᠯᠡᠰ ᠤᠨ | ᠠᠵᠢᠯ ᠲᠥᠷᠥᠯ ᠤᠨ ᠠᠵᠢᠯᠯᠠᠭᠠᠨ ᠤ ᠬᠢᠨᠠᠨ ᠬᠡᠮᠵᠢᠯᠲᠡ ᠪᠠ ᠵᠢᠯᠣᠭᠤᠳᠤᠨ ᠲᠣᠬᠢᠷᠠᠭᠤᠯᠤᠯᠲᠠ ᠶᠢ ᠴᠢᠩᠭᠠᠳᠬᠠᠵᠤ᠂ | ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠡᠭᠡᠨ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠴᠠᠭ | ᠲᠤᠬᠠᠢ ᠳᠤᠨᠢ ᠡᠵᠡᠮᠰᠢᠵᠦ᠂ ᠢᠯᠡᠭᠡᠨ ᠬᠦᠷᠭᠡᠬᠦ ᠦᠢᠯᠡᠴᠢᠯᠡᠭᠡ ᠪᠠ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠵᠤ᠂ ᠠᠵᠢᠯ ᠲᠥᠷᠥᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠥᠮᠥᠨ ᠤ ᠬᠦᠴᠦᠨ᠂ ᠪᠣᠳᠠᠰ ᠤᠨ ᠬᠦᠴᠦᠨ᠂ ᠲᠡᠭᠡᠭᠡᠪᠦᠷᠢ ᠶᠢᠨ ᠬᠦᠴᠦᠨ ᠢ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠦᠵᠦᠭᠦᠷ ᠤᠨ ᠦᠢᠯᠡᠴᠢᠯᠡᠭᠡᠨ ᠢ ᠰᠠᠶᠢᠲᠤᠷ ᠬᠢᠵᠦ᠂ ᠴᠠᠭᠠᠨ ᠰᠠᠷ᠎ᠠ ᠶᠢᠨ | ᠵᠥᠭᠡᠭᠡᠪᠦᠷᠢ ᠶᠢᠨ ᠬᠤᠭᠤᠴᠠᠭᠠᠨ ᠳᠠᠬᠢ ᠢᠯᠡᠭᠡᠨ ᠬᠦᠷᠭᠡᠬᠦ ᠦᠢᠯᠡᠴᠢᠯᠡᠭᠡᠨ ᠤ ᠴᠢᠳᠠᠪᠤᠷᠢ ᠶᠢ ᠪᠠᠲᠤᠯᠠᠬᠤ ᠬᠡᠷᠡᠭᠲᠡᠢ᠃ | ᠢᠯᠡᠭᠡᠨ ᠬᠦᠷᠭᠡᠬᠦ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ | ᠲᠦᠪᠰᠢᠨ᠂ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠪᠠ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠢ | ᠴᠢᠩᠭᠠᠳᠬᠠᠵᠤ᠂ ᠲᠦᠷᠭᠡᠨ ᠬᠦᠷᠭᠡᠭᠴᠢ ᠶᠢ ᠤᠯᠠᠮ ᠨᠢᠭᠡ ᠠᠯᠬᠤᠮ ᠬᠠᠯᠠᠮᠵᠢᠯᠠᠨ᠂ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠣᠷᠣᠨ ᠪᠦᠰᠡ ᠶᠢᠨ ᠶᠡᠷᠦᠩᠬᠡᠢ | ᠬᠡᠯᠲᠡᠰ ᠤᠨ ᠨᠢᠭᠡᠳᠦᠯᠲᠡᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠤᠬᠠᠮᠰᠠᠷ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ | ᠬᠤᠯᠪᠣᠭᠠᠯᠠᠯ ᠤᠨ ᠲᠣᠣᠷ ᠴᠡᠭ ︵ᠠᠵᠤ ᠠᠬᠤᠶᠢᠯᠠᠯ︶ ᠪᠣᠯᠣᠨ ᠰᠠᠯᠪᠤᠷᠢ ᠪᠠᠶᠢᠭᠤᠯᠤᠮᠵᠢ ᠶᠢᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠵᠥᠭᠡᠭᠡᠪᠦᠷᠢ ᠶᠢᠨ ᠢᠯᠡᠬᠡᠨ ᠬᠦᠷᠭᠡᠬᠦ ᠦᠢᠯᠡᠴᠢᠯᠡᠭᠡᠨ ᠤ ᠠᠮᠤᠷ ᠲᠦᠪᠰᠢᠨ ᠪᠥᠭᠡᠳ ᠰᠠᠭᠠᠳ | ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ |