ᠬᠤᠷᠢᠨᠭᠡᠷ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2025/1/11
    ︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠤᠷᠢᠨᠭᠡᠷ ᠰᠢᠨ᠎ᠡ ᠲᠣᠭᠤᠷᠢᠭ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠬᠡᠬᠤᠲᠠ ᠶᠢᠨ ᠳᠤᠷᠠᠳᠤᠭᠰᠠᠨ ︽ᠬᠤᠷᠢᠨᠭᠡᠷ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠵᠥᠪᠰᠢᠶᠡᠷᠡᠪᠡ᠃           ᠣᠶᠢᠯᠠᠭᠠᠭᠰᠠᠨ ᠢᠶᠠᠷ᠂ ᠬᠤᠷᠢᠨᠭᠡᠷ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠬᠤᠷᠢᠨᠭᠡᠷ ᠰᠢᠨ᠎ᠡ ᠲᠣᠭᠤᠷᠢᠭ ᠤᠨ ᠡᠭᠦᠯᠡᠨ ᠬᠥᠨᠳᠡᠢ ᠶᠢᠨ ᠬᠡᠰᠡᠭ ᠢᠶᠠᠷ ᠣᠷᠣᠨ ᠵᠠᠢ ᠶᠢᠨ ᠠᠴᠢᠶᠠᠯᠠᠪᠤᠷᠢ ᠪᠣᠯᠭᠠᠵᠤ᠂ ︽ᠬᠤᠶᠠᠷ ᠲᠣᠭᠤᠷᠢᠭ ᠲᠤᠯᠭᠠᠭᠤᠷᠢᠯᠠᠨ᠂ ᠳᠥᠷᠪᠡᠨ ᠲᠥᠪ ᠬᠤᠯᠪᠤᠭᠠᠯᠠᠨ ᠬᠥᠳᠡᠯᠦᠯᠴᠡᠬᠦ︾ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃           ᠡᠭᠦᠨ ᠳᠤ᠂ ︽ᠬᠤᠶᠠᠷ ᠲᠣᠭᠤᠷᠢᠭ︾ ᠭᠡᠳᠡᠭ ᠨᠢ᠄ ᠰᠢᠨ᠎ᠡ ᠲᠣᠭᠤᠷᠢᠭ ᠤᠨ ᠡᠭᠦᠯᠡᠨ ᠬᠥᠨᠳᠡᠢ ᠶᠢᠨ ᠬᠡᠰᠡᠭ ᠤᠨ ᠲᠤᠭ᠎ᠠ ᠪᠠᠷᠢᠮᠲᠠ ᠶᠢᠨ ᠲᠥᠪ ᠤᠨ ᠪᠠᠷᠠᠭᠤᠨ ᠬᠡᠰᠡᠭ ᠲᠤ ᠰᠠᠭᠤᠷᠢᠯᠠᠨ ᠥᠷᠭᠡᠳᠬᠡᠵᠦ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠠᠷᠠᠳ ᠤᠨ ᠳᠠᠭᠠᠳᠬᠠᠯ ᠤᠨ ᠪᠦᠯᠦᠭᠯᠡᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ᠂ ᠫᠦ᠋ ᠹᠠ ᠪᠠᠩᠬᠢ᠂ ᠭᠤᠸᠠᠩ ᠳ᠋ᠠ ᠪᠠᠩᠬᠢ᠂ ᠬᠤᠸᠠ ᠰᠢᠶᠠ ᠪᠠᠩᠬᠢ᠂ ᠰᠢᠤᠳᠠᠨ ᠤ ᠶᠠᠪᠤᠳᠠᠯ ᠤᠨ ᠪᠦᠯᠦᠭᠯᠡᠯ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠢᠶ᠎ᠠ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢᠨ ᠲᠥᠪ ᠲᠤ ᠲᠥᠪᠯᠡᠷᠡᠬᠦ ᠶᠢ ᠭᠤᠣᠯᠳᠠᠯᠭ᠎ᠠ ᠲᠠᠢ ᠠᠬᠢᠭᠤᠯᠵᠤ᠂ ᠪᠥᠬᠦ ᠤᠯᠤᠰ ᠤᠨ ᠴᠢᠬᠤᠯᠠ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠲᠥᠪ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠤᠨ᠎ᠠ᠃ ᠰᠢᠨ᠎ᠡ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠤᠳᠠᠯᠳᠤᠭᠠᠨ ᠤ ᠲᠥᠪ᠂ ᠣᠳᠣᠨ ᠲᠠᠰ ᠤᠨ ᠪᠠᠭᠤᠳᠠᠯ᠂ ᠰᠤᠷᠭᠠᠭᠤᠯᠢ ᠵᠢᠴᠢ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠢᠵᠢ ᠪᠦᠷᠢᠳᠦᠭᠦᠯᠬᠦ ᠪᠡᠯᠡᠳᠬᠡᠮᠵᠢ ᠳᠤ ᠲᠦᠰᠢᠭᠯᠡᠨ᠂ ᠲᠦᠷᠭᠡᠨ ᠪᠥᠭᠡᠳ ᠳᠥᠭᠦᠮ ᠳᠥᠲᠡ᠂ ᠲᠠᠭᠠᠯᠠᠮᠵᠢᠲᠠᠢ᠂ ᠪᠦᠷᠢᠨ ᠲᠥᠬᠦᠷ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃           ︽ᠳᠥᠷᠪᠡᠨ ᠲᠥᠪ︾ ᠭᠡᠳᠡᠭ ᠨᠢ᠄ ᠰᠢᠨ᠎ᠡ ᠲᠣᠭᠤᠷᠢᠭ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠨᠳᠡᠢ ᠳᠤ ᠲᠦᠰᠢᠭᠯᠡᠨ ᠥᠷᠭᠡᠳᠬᠡᠵᠦ᠂ ᠲᠤᠭ᠎ᠠ ᠪᠠᠷᠢᠮᠲᠠ ᠶᠢᠨ ᠡᠯᠧᠮᠧᠨ᠋ᠲ ᠬᠢᠭᠡᠳ ᠲᠣᠭᠠᠴᠢᠯᠠᠭᠰᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠵᠤ᠂ ᠮᠥᠩᠭᠦᠨ ᠭᠦᠢᠯᠭᠡᠭᠡᠨ ᠤ ᠰᠢᠨᠵᠢᠯᠡᠬᠦ ᠮᠡᠷᠭᠡᠵᠢᠯ ᠤᠨ ᠦᠢᠯᠡᠳᠬᠦᠨ ᠬᠢᠭᠡᠳ ︽ᠮᠥᠩᠭᠦᠨ ᠭᠦᠢᠯᠭᠡᠭᠡᠨ ᠤ ᠪᠣᠳᠣᠯᠭ᠎ᠠ ᠶᠢᠨ ᠬᠦᠴᠦᠨ +︾ ︽ᠮᠥᠩᠭᠦᠨ ᠭᠦᠢᠯᠭᠡᠭᠡᠨ ᠤ AI+︾ ᠠᠵᠤ ᠦᠢᠯᠡᠰ ᠢ ᠬᠥᠭᠵᠢᠭᠦᠯᠵᠦ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠲᠥᠪ ᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠦᠢᠯᠡᠳᠬᠦᠨ ᠤ ᠦᠢᠯᠡᠳᠪᠦᠷᠢᠯᠡᠯ᠂ ᠬᠡᠷᠡᠭᠯᠡᠯᠲᠡ᠂ ᠠᠮᠤᠷ ᠲᠦᠪᠰᠢᠨ ᠵᠡᠷᠭᠡ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠭᠤᠭᠴᠤᠭ᠎ᠠ ᠳᠤ ᠴᠢᠭᠯᠡᠭᠦᠯᠦᠨ᠂ ᠰᠢᠰᠲ᠋ᠧᠮᠵᠢᠭᠰᠡᠨ᠂ ᠠᠵᠤ ᠦᠢᠯᠡᠰᠵᠢᠭᠰᠡᠨ ᠬᠥᠭᠵᠢᠯᠲᠡ ᠶᠢᠨ ᠠᠮᠢ ᠠᠬᠤᠢ ᠶᠢ ᠪᠤᠢ ᠪᠣᠯᠭᠠᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠦᠢᠯᠡᠳᠬᠦᠨ ᠤ ᠭᠡᠷᠡᠴᠢᠯᠡᠭᠡ ᠬᠢᠬᠦ᠂ ᠲᠣᠭᠲᠠᠭᠠᠯ ᠳᠤ ᠨᠡᠶᠢᠴᠡᠭᠦᠯᠬᠦ᠂ ᠳᠠᠩᠰᠠᠯᠠᠬᠤ᠂ ᠦᠨᠡᠯᠡᠬᠦ᠂ ᠵᠢᠱᠢᠬᠦ ᠪᠠ ᠬᠢᠯᠢ ᠠᠯᠤᠰᠯᠠᠨ ᠳᠠᠮᠵᠢᠭᠤᠯᠬᠤ ᠵᠡᠷᠭᠡ ᠭᠤᠭᠴᠤᠭ᠎ᠠ ᠶᠢᠨ ᠲᠣᠭᠤᠷᠢᠨ ᠳᠤ᠂ ᠲᠣᠭᠲᠠᠭᠠᠯ ᠳᠤ ᠨᠡᠶᠢᠴᠡᠭᠰᠡᠨ ᠭᠡᠷᠡᠴᠢᠯᠡᠭᠡ ᠬᠢᠬᠦ᠂ ᠲᠤᠭ᠎ᠠ ᠪᠠᠷᠢᠮᠲᠠ ᠶᠢ ᠦᠨᠡᠯᠡᠬᠦ᠂ ᠡᠳ᠋ ᠬᠥᠷᠥᠩᠭᠡ ᠶᠢ ᠦᠨᠡᠯᠡᠨ ᠵᠢᠱᠢᠬᠦ᠂ ᠠᠮᠤᠷ ᠲᠦᠪᠰᠢᠨ ᠤ ᠬᠢᠨᠠᠨ ᠪᠣᠳᠣᠯᠲᠠ ᠬᠢᠬᠦ᠂ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠵᠡᠷᠭᠡ ᠭᠤᠷᠪᠠᠳᠠᠭᠢ ᠡᠲᠡᠭᠡᠳ ᠤᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠪᠣᠶᠢᠵᠢᠭᠤᠯᠵᠤ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ ᠭᠦᠢᠯᠭᠡᠭᠡᠨ ᠠᠷᠠᠯᠵᠢᠶᠠᠯᠠᠬᠤ ᠲᠥᠪ ᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠵᠠᠰᠠᠯᠲᠠ ᠶᠢᠨ ᠰᠢᠰᠲ᠋ᠧᠮᠵᠢ ᠪᠠ ᠬᠢᠨᠠᠨ ᠬᠠᠮᠢᠶᠠᠷᠬᠤ ᠵᠠᠭᠪᠤᠷ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠲᠦᠭᠰᠢᠭᠦᠷᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠥᠪ ᠢ ᠪᠠᠶᠢᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号