ᠣᠶᠢᠷ᠎ᠠ ᠳᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠰᠠᠶᠢᠲᠤᠷ ᠬᠢᠬᠦ ᠶᠢᠨ ᠲᠥᠯᠥᠭᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠠᠶᠤᠯ | ᠦᠭᠡᠢ ᠦᠢᠯᠡᠳᠪᠦᠷᠢᠯᠡᠯ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠭᠦᠯᠵᠦ᠂ | ᠡᠩᠬᠦᠷᠡᠢ ᠠᠮᠢᠲᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠪᠠ | ᠴᠢᠳᠠᠪᠤᠷᠢ ᠶᠢ ᠴᠢᠩᠭᠠᠷᠠᠭᠤᠯᠤᠨ᠂ ᠠᠮᠢᠲᠠᠨ ᠤ ᠬᠢᠵᠢᠭ ᠡᠪᠡᠳᠴᠢᠨ᠂ ᠡᠩᠬᠦᠷᠡᠢ ᠠᠮᠢᠲᠠᠨ ᠤ ᠰᠠᠨᠠᠭᠠᠨ ᠳᠤ ᠦᠭᠡᠢ | ᠭᠡᠮᠲᠦᠯ ᠵᠢᠴᠢ ᠳᠡᠯᠭᠡᠭᠦᠷ ᠤᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠨ ᠡᠵᠡᠮᠳᠡᠵᠦ ᠰᠡᠷᠭᠡᠶᠢᠯᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2025 ᠣᠨ ᠤ 1 ᠰᠠᠷ᠎ᠠ ᠶᠢᠨ 9 ᠤ ᠡᠳᠦᠷ᠂ ᠬᠤᠲᠣᠩ | ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠶᠢᠨ ᠰᠢᠶᠣᠣ ᠴᠢᠩ ᠬᠠᠮᠢᠶ᠎ᠠ ᠪᠦᠬᠦᠢ ᠠᠵᠢᠯᠲᠠᠨ ᠢ ᠵᠣᠬᠢᠶᠠᠨ | ᠪᠠᠶᠢᠭᠤᠯᠤᠨ ᠬᠠᠷᠢᠶ᠎ᠠ ᠣᠷᠣᠨ ᠤ ᠪᠠᠨ 13 ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠳᠤ ᠡᠳᠦᠷ ᠲᠤᠲᠤᠮ ᠤᠨ | ᠬᠢᠨᠠᠯᠲᠠ ᠲᠠᠯᠪᠢᠵᠤ ᠪᠠᠶᠢᠴᠠᠭᠠᠬᠤ ᠵᠢᠴᠢ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃ | ᠲᠤᠬᠠᠢ ᠶᠢᠨ ᠲᠠᠯᠠᠪᠠᠢ ᠳᠤ ᠡᠯ᠎ᠡ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠶᠢᠨ ᠵᠣᠷ ᠤᠨ ᠴᠠᠭᠠᠰᠤ᠂ | ᠠᠷᠢᠭᠤᠳᠬᠠᠭᠰᠠᠨ ᠲᠡᠮᠳᠡᠭᠯᠡᠯ᠂ ᠡᠮ ᠤᠨ ᠵᠦᠢᠯ ᠣᠷᠣᠭᠤᠯᠬᠤ ᠪᠢᠯᠧᠲ᠂ ᠠᠶᠤᠯᠭᠦᠢ ᠦᠢᠯᠡᠳᠪᠦᠷᠢᠯᠡᠯ ᠤᠨ | ᠳᠦᠷᠢᠮ ᠤᠨ ᠨᠠᠶᠢᠳᠠᠪᠤᠷᠢᠵᠢᠭᠤᠯᠤᠯᠲᠠ᠂ ᠲᠥᠬᠦᠭᠡᠷᠦᠮᠵᠢ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ ᠠᠮᠤᠷ ᠲᠦᠪᠰᠢᠨ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠪᠠᠷ ᠳᠡᠮᠵᠢᠨ᠂ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠳᠤᠷᠠᠳᠤᠭᠰᠠᠨ ᠪᠥᠭᠡᠳ ᠠᠵᠢᠯᠲᠠᠨ ᠤ ᠠᠮᠤᠷ ᠲᠦᠪᠰᠢᠨ ᠤ ᠪᠣᠯᠪᠠᠰᠤᠷᠠᠭᠤᠯᠤᠯ᠂ ᠭᠠᠯ ᠤᠨᠲᠠᠷᠠᠭᠠᠬᠤ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠪᠠᠶᠢᠴᠠᠭᠠᠯᠲᠠ ᠶᠢᠨ ᠳᠤᠮᠳᠠ ᠣᠨᠴᠠ ᠵᠠᠷᠢᠮ | ᠭᠠᠯ ᠤᠨᠲᠠᠷᠠᠭᠠᠭᠤᠷ ᠤᠨ ᠳᠠᠷᠤᠯᠲᠠ ᠬᠦᠷᠦᠯᠴᠡᠬᠦ ᠦᠭᠡᠢ᠂ ᠲᠤᠭ᠎ᠠ ᠬᠡᠮᠵᠢᠶ᠎ᠡ ᠪᠠᠭ᠎ᠠ᠂ ᠭᠠᠯ ᠤᠨᠲᠠᠷᠠᠭᠠᠬᠤ ᠵᠠᠮ ᠰᠠᠭᠠᠳ | ᠦᠭᠡᠢ᠂ ᠭᠠᠯ ᠤᠨᠲᠠᠷᠠᠭᠠᠬᠤ ᠭᠤᠭᠴᠤᠭ᠎ᠠ ᠶᠢᠨ ᠭᠠᠳᠠᠷ ᠬᠦᠷᠢᠶ᠎ᠡ ᠶᠢᠨ ᠬᠠᠯᠬᠠᠪᠴᠢ ᠪᠣᠳᠠᠰ ᠲᠠᠢ ᠵᠡᠷᠭᠡ ᠠᠰᠠᠭᠤᠳᠠᠯ | ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ | ᠳᠤᠷᠠᠳᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠳᠠᠯᠳᠠ | ᠭᠡᠮ ᠦᠯᠡᠳᠡᠭᠡᠬᠦ ᠦᠭᠡᠢ᠃ ᠡᠭᠦᠨ ᠤ ᠬᠠᠮᠲᠤ᠂ ᠡᠩᠬᠦᠷᠡᠢ ᠠᠮᠢᠲᠠᠨ ᠤ ᠳᠡᠯᠭᠡᠭᠦᠷ ᠢ ᠵᠢᠯᠣᠭᠤᠳᠤᠨ ᠠᠮᠢᠲᠠᠨ ᠤ ᠬᠢᠵᠢᠭ | ᠡᠪᠡᠳᠴᠢᠨ ᠤ ᠡᠬᠢ ᠰᠤᠷᠪᠤᠯᠵᠢ ᠶᠢ ᠤᠰᠠᠳᠬᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠡᠩᠬᠦᠷᠡᠢ | ᠠᠮᠢᠲᠠᠨ ᠤ ᠬᠥᠮᠥᠨ ᠢ ᠰᠢᠷᠬᠠᠲᠤᠭᠤᠯᠬᠤ ᠶᠢ ᠰᠡᠷᠭᠡᠶᠢᠯᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠱᠠᠯᠠᠪᠳᠠᠭᠤᠯᠤᠨ ᠡᠭᠦᠳᠡᠨ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠢ ᠥᠪᠡᠰᠦᠪᠡᠨ ᠪᠠᠶᠢᠴᠠᠭᠠᠵᠤ ᠥᠪᠡᠰᠦᠪᠡᠨ | ᠵᠠᠯᠠᠷᠠᠭᠤᠯᠤᠨ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠠᠷᠢᠯᠭᠠᠬᠤ ᠪᠣᠯᠤᠨ᠎ᠠ᠃ | | | | |