ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠬᠦᠴᠦ ᠪᠠᠨ ᠬᠠᠮᠲᠤᠳᠭᠠᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠷᠠᠳ ᠲᠤ ᠠᠰᠢᠭ ᠬᠦᠷᠲᠡᠭᠡᠶ᠎ᠡ - ᠬᠤᠲᠣᠩ ᠠᠷᠠᠳ  ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠡᠶᠢᠭᠡᠮ ᠲᠣᠭᠤᠷᠢᠭ ᠲᠤ ᠭᠤᠣᠯ ᠰᠡᠳᠦᠪᠲᠦ ᠨᠠᠮ ᠤᠨ ᠡᠳᠦᠷ  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
    ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠪᠠ ᠨᠡᠶᠢᠭᠡᠮ ᠤᠨ ᠪᠠᠲᠤᠯᠠᠭ᠎ᠠ ᠶᠢᠨ ᠲᠦᠮᠡᠨ ᠡᠷᠦᠬᠡ ᠳᠤ ᠣᠷᠣᠭᠤᠯᠬᠤ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠲᠦᠩ ᠳ᠋ᠣᠣ ᠵᠡᠭᠡᠯᠢ ᠶᠢᠨ ᠺᠣᠸᠠᠨ ᠰᠢᠶᠠᠩᠽᠢ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠲᠠᠢ ᠬᠠᠮᠲᠤᠷᠠᠨ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠦᠴᠦ ᠪᠠᠨ ᠬᠠᠮᠲᠤᠳᠬᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠪᠠ᠃
    ᠠᠵᠢᠯᠯᠠᠭ᠎ᠠ ᠶᠢᠨ ᠳᠤᠮᠳᠠ᠂ ᠠᠵᠢᠯᠲᠠᠳ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠨᠡᠶᠢᠭᠡᠮ ᠤᠨ ᠳᠠᠭᠠᠳᠬᠠᠯ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠡᠢ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠭᠤᠣᠯᠳᠠᠯᠭ᠎ᠠ ᠲᠠᠢ ᠡᠭᠦᠰᠴᠦ᠂ ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠡᠷᠭᠡ ᠠᠭᠤᠯᠭ᠎ᠠ ᠶᠢ ᠤᠬᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠨᠢᠭᠡᠳ ᠨᠢᠭᠡ ᠪᠠᠷ ᠨᠠᠷᠢᠨ ᠲᠣᠳᠣᠷᠬᠠᠢ ᠬᠠᠷᠢᠭᠤᠯᠲᠠ ᠥᠭᠴᠦ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠠᠢ ᠲᠠᠶᠢᠯᠤᠮᠵᠢ ᠬᠢᠬᠦ ᠦᠢᠯᠡᠴᠢᠯᠡᠭᠡ ᠬᠠᠩᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ︽ᠭᠡᠷ ᠤᠨ ᠡᠭᠦᠳᠡ︾ ᠳᠤ ᠬᠦᠷᠭᠡᠪᠡ᠃     ᠲᠣᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠣᠯᠠᠨ ᠲᠦᠮᠡᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠺᠠᠳ᠋ᠷ ᠣᠯᠠᠨ ᠲᠦᠮᠡᠨ ᠤ ᠵᠠᠢ ᠶᠢ ᠣᠶᠢᠷᠠᠲᠤᠭᠤᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号