2025·ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠭ᠎ᠠ ᠶᠢᠨ ᠬᠦᠷᠢᠶᠡᠨ ᠳᠤ ᠬᠠᠷᠠᠩᠭ᠎ᠠ ᠬᠡᠩᠭᠡᠷᠭᠡ ᠶᠢᠨ ᠳᠠᠭᠤᠨ ᠴᠤᠤᠷᠢᠶᠠᠲᠤᠨ᠂ ᠬᠥᠮᠥᠨ ᠬᠠᠷ᠎ᠠ ᠰᠦᠯᠵᠢᠯᠳᠦᠵᠦ᠂ ᠭᠦᠷ ᠨᠠᠷᠭᠢᠶᠠᠨ ᠢᠶᠠᠷ ᠪᠢᠯᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠪᠣᠯᠣᠨ ᠥᠪᠥᠷ ᠮᠣᠩᠭᠤᠯ ᠤᠨ ᠲᠢᠶᠠᠨ ᠵᠢᠶᠣᠣ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠲᠠᠢ ᠬᠠᠮᠲᠤᠷᠠᠨ ᠡᠷᠭᠢᠯᠡᠭᠰᠡᠨ︽2025· ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠨᠠᠶᠢᠷ︾ ᠠᠳᠡ ᠬᠥᠰᠢᠭᠡ ᠪᠠᠨ ᠰᠡᠬᠦᠯ᠎ᠡ᠃     ᠲᠤᠰ ᠬᠤᠭᠤᠴᠠᠭᠠᠨ ᠤ ᠴᠠᠭᠠᠨ ᠰᠠᠷ᠎ᠠ ᠶᠢᠨ ᠪᠠᠷᠠᠭᠠᠨ ᠤ  ᠨᠠᠶᠢᠷ ᠲᠤ ᠰᠢᠯᠢ ᠶᠢᠨ ᠭᠤᠣᠯ ᠤᠨ ᠬᠤᠨᠢᠨ ᠮᠢᠬ᠎ᠠ᠂ ᠬᠤᠷᠴᠢᠨ ᠤ ᠦᠬᠡᠷ ᠤᠨ ᠮᠢᠬ᠎ᠠ᠂ ᠬᠢᠩᠭᠠᠨ ᠠᠶᠢᠮᠠᠭ ᠤᠨ ᠲᠤᠲᠤᠷᠭ᠎ᠠ᠂ ᠤᠯᠠᠭᠠᠨᠬᠠᠳᠠ ᠶᠢᠨ ᠨᠠᠷᠢᠮᠤ᠂ ᠥᠪᠡᠷᠮᠢᠴᠡ ᠣᠨᠴᠠᠯᠢᠭ ᠲᠠᠢ ᠬᠤᠨᠢᠨ ᠮᠢᠬ᠎ᠠ ᠰᠣᠩᠭᠢᠨ᠎ᠠ ᠲᠠᠢ ᠱᠣᠣᠮᠠᠢ᠂ ᠡᠯ᠎ᠡ ᠲᠥᠷᠥᠯ ᠤᠨ ᠴᠠᠭᠠᠨ ᠢᠳᠡᠭᠡᠨ ᠪᠠ ᠬᠠᠲᠠᠭᠠᠬᠰᠠᠨ ᠵᠢᠮᠢᠰ ᠵᠡᠷᠭᠡ ᠥᠪᠥᠷ ᠮᠣᠩᠭᠤᠯ ᠤᠨ 12 ᠠᠶᠢᠮᠠᠭ ᠬᠤᠲᠠ ᠶᠢᠨ 300 ᠭᠠᠷᠤᠢ ᠠᠵᠤ ᠠᠬᠤᠶᠢᠯᠠᠯ ᠤᠨ 3000 ᠭᠠᠷᠤᠢ ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠪᠠᠶᠢᠨ᠎ᠠ᠃ ᠡᠨᠡ ᠨᠢ ︽ᠥᠪᠥᠷ ᠮᠣᠩᠭᠤᠯ ᠨᠡᠷᠡᠮᠵᠢᠲᠦ︾ᠲᠦᠷᠦᠯ ᠲᠡᠮᠳᠡᠭᠲᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠳᠡᠯᠭᠡᠨ ᠲᠠᠨᠢᠯᠴᠠᠭᠤᠯᠬᠤ ᠴᠢᠬᠤᠯᠠ ᠴᠣᠩᠬᠤᠪᠴᠢ ᠪᠣᠯᠤᠭᠰᠠᠨ ᠮᠥᠷᠲᠡᠭᠡᠨ ᠬᠤᠲᠠ  ᠶᠢᠨ ᠠᠷᠠᠳ ᠲᠤ ᠣᠷᠣᠨ ᠨᠤᠲᠤᠭ ᠤᠨ ᠥᠪᠡᠷᠮᠢᠴᠡ ᠣᠨᠴᠠᠯᠢᠭᠲᠤ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠳᠤ ᠳᠦᠭᠦᠮ ᠳᠥᠲᠡ ᠰᠠᠨᠠᠭ᠎ᠠ ᠠᠮᠤᠷ ᠲᠠᠪᠴᠠᠩ ᠬᠠᠩᠭᠠᠪᠠ᠃      ᠲᠤᠬᠠᠢ ᠶᠢᠨ ᠲᠠᠯᠠᠪᠠᠶ ᠳᠤ ᠪᠠᠰᠠ ᠠᠮᠲᠠᠲᠤ ᠬᠤᠭᠤᠯᠠ ᠬᠢᠵᠦ ᠠᠮᠲᠠᠯᠠᠭᠤᠯᠬᠤ᠂ ᠠᠷᠠᠳ ᠤᠨ ᠵᠠᠩ ᠦᠶᠯᠡ  ᠶᠢᠨ ᠲᠣᠬᠯᠠᠯᠲᠠ ᠭᠠᠷᠭᠠᠬᠤ᠂ ᠱᠠᠩᠨᠠᠯ ᠰᠤᠭᠤᠯᠵᠤ ᠪᠣᠷᠤᠯᠠᠭᠤᠯᠭ᠎ᠠ ᠶᠢ ᠠᠬᠢᠭᠤᠯᠬᠤ ᠵᠡᠷᠭᠡ ᠡᠯᠪᠡᠭ ᠪᠠᠶᠠᠯᠢᠭ ᠠᠵᠢᠯᠯᠠᠭ᠎ᠠ ᠲᠣᠬᠢᠷᠠᠭᠤᠯᠵᠠᠢ᠃ ᠱᠠᠩᠨᠠᠯ ᠰᠤᠭᠤᠯᠵᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠡᠳᠦᠷ ᠪᠦᠷᠢ ᠲᠣᠭᠲᠠᠭᠰᠠᠨ ᠴᠠᠭ ᠲᠤ 8800 ᠲᠥᠭᠦᠷᠢᠭ ᠤᠨ ᠥᠷᠲᠡᠭ ᠪᠦᠬᠦᠢ ᠪᠡᠯᠡᠭ ᠤᠨ ᠲᠡᠮᠳᠡᠭᠲᠦ ᠲᠠᠷᠬᠠᠭᠠᠨ᠎ᠠ᠃ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠤᠪᠠᠯ ᠪᠠᠰᠠ ᠦᠨ᠎ᠡ ᠲᠥᠯᠥᠪᠦᠷᠢ ᠦᠭᠡᠢ ᠪᠠᠷ ᠨᠢᠰᠬᠡᠯ ᠵᠢᠯᠤᠭᠤᠳᠬᠤ ᠶᠢ ᠪᠡᠶᠡᠴᠢᠯᠡᠨ ᠣᠶᠢᠯᠠᠭᠠᠬᠤ ᠬᠠᠷᠠᠭᠠᠯᠵᠠᠯ ᠤᠨ ᠲᠡᠮᠳᠡᠭᠲᠦ᠂ ᠭᠠᠭᠴᠠ ᠤᠳᠠᠭᠠᠨ  ᠤ ᠨᠢᠰᠬᠡᠯ ᠤᠨ ᠪᠢᠯᠧᠲ ᠵᠡᠷᠭᠡ ᠬᠦᠨᠳᠦ ᠪᠡᠯᠡᠭ ᠢ ᠲᠤᠰᠬᠤ ᠵᠠᠪᠰᠢᠶᠠᠨ ᠲᠠᠢ ᠶᠤᠮ᠃ ᠡᠭᠦᠨ ᠠᠴᠠ ᠭᠠᠳᠠᠨ᠎ᠠ ᠲᠤᠰ ᠬᠤᠭᠤᠴᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠨᠠᠶᠢᠷ ᠨᠢ ᠰᠢᠤᠳᠠᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ  ᠶᠢᠨ ᠪᠠᠷᠠᠭᠠᠨ ᠤ ᠨᠠᠶᠢᠷ ᠢ ᠬᠠᠮᠲᠤ ᠪᠠᠷ ᠶᠠᠪᠤᠭᠳᠠᠭᠤᠯᠵᠤ᠂ ᠭᠠᠳᠠᠷ ᠣᠷᠣᠨ ᠴᠢᠨᠠᠭᠰᠢᠯᠠᠪᠠᠯ ᠪᠦᠭᠦ ᠤᠯᠤᠰ ᠤᠨ ᠬᠡᠷᠡᠭᠯᠡᠭᠴᠢᠳ ᠤᠨ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠲᠡᠳᠡᠨ ᠤ ᠥᠪᠥᠷ ᠮᠣᠩᠭᠤᠯ ᠤᠨ ᠴᠠᠭᠠᠨ ᠰᠠᠷ᠎ᠠ ᠶᠢᠨ ᠪᠠᠷᠠᠭ᠎ᠠ ᠶᠢ ᠬᠤᠳᠠᠯᠳᠤᠨ ᠠᠪᠬᠤ ᠳᠤ ᠳᠦᠭᠦᠮ ᠦᠵᠡᠭᠦᠯᠪᠡ᠃      ᠣᠶᠢᠯᠠᠭᠠᠭᠰᠠᠨ ᠢᠶᠠᠷ᠂ ︽2025·ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠨᠠᠶᠢᠷ︾ 1 ᠰᠠᠷ᠎ᠠ ᠶᠢᠨ 23 ᠤ ᠡᠳᠦᠷ ᠪᠤᠯᠲᠠᠯ᠎ᠠ ᠦᠷᠭᠦᠯᠵᠢᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号