ᠭᠦᠭᠡᠬᠤᠲᠠ ᠶᠢᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ19600 ᠵᠡᠮᠳᠡᠭᠴᠦᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2025/1/14
    ᠣᠶᠢᠷ᠎ᠠ ᠳᠤ ᠬᠤᠷᠠᠯᠳᠤᠭᠰᠠᠨ ᠭᠦᠭᠡᠬᠤᠲᠠ ᠶᠢᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠩᠬᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠠᠴᠠ ᠣᠶᠢᠯᠠᠭᠠᠭᠰᠠᠨ ᠢᠶᠠᠷ᠂ ᠭᠦᠭᠡᠬᠤᠲᠠ ᠶᠢᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠨᠢ 2024 ᠣᠨ ᠤ 1 ᠰᠠᠷ᠎ᠠ ᠶᠢᠨ 29 ᠤ ᠡᠳᠦᠷ ᠪᠠᠶᠢᠭᠤᠯᠤᠭᠳᠠᠭᠰᠠᠨ ᠠᠴᠠ ᠨᠠᠭᠠᠰᠢ ᠨᠡᠶᠢᠲᠡ 2488.25 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ ᠬᠤᠰᠢᠭᠤ ᠰᠢᠶᠠᠨ ᠲᠣᠭᠤᠷᠢᠭ ᠲᠤ ᠨᠡᠶᠢᠲᠡ 1459.13 ᠲᠦᠮᠡᠨ ᠲᠥᠭᠦᠷᠢᠭ ᠤᠨ ᠦᠷᠳᠡᠭ ᠪᠦᠬᠦᠢ ᠡᠳ᠋ ᠪᠣᠳᠠᠰ ᠬᠠᠨᠳᠢᠪᠯᠡᠵᠤ᠂ ᠬᠠᠨᠳᠢᠪᠯᠡᠭ᠌ᠰᠠᠨ ᠡᠳ᠋ ᠪᠣᠳᠠᠰ ᠨᠢ ᠰᠣᠨᠣᠷ ᠲᠤᠳᠤᠤᠡᠬᠠᠭᠤᠷ᠂ ᠬᠦᠷᠳᠦᠲᠦ ᠰᠠᠨᠳᠠᠯᠢ᠂ ᠴᠠᠭᠢᠯᠭᠠᠨ ᠳᠤᠯᠠᠭᠠᠯᠠᠮᠵᠢ᠂ ᠲᠤᠲᠤᠷᠭ᠎ᠠ ᠭᠤᠯᠢᠷ ᠲᠣᠰᠣ ᠵᠡᠷᠭᠡ ᠶᠢ ᠬᠠᠮᠤᠷᠴᠤ᠂ 19600 ᠵᠡᠮᠳᠡᠭᠴᠦᠳ ᠲᠤ ᠠᠰᠢᠭ ᠬᠦᠷᠲᠡᠭᠡᠪᠡ᠃           ᠳᠠᠷᠠᠭᠠᠴᠢ ᠪᠠᠷ᠂ ᠳᠤᠰ ᠰᠠᠭᠤᠷᠢ ᠮᠥᠩᠭᠦᠨ ᠤ ᠨᠡᠶᠢᠭᠡᠮᠯᠢᠭ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂︽ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠤᠯᠭᠠᠵᠤ ᠵᠡᠮᠳᠡᠭᠴᠦᠳ ᠢ ᠲᠤᠰᠠᠯᠠᠬᠤ︾ᠭᠤᠣᠯ ᠰᠡᠳᠦᠪ ᠢ ᠴᠢᠷᠮᠠᠶᠢᠨ ᠦᠢᠯᠡᠳᠦᠯᠭᠡᠵᠢᠭᠦᠯᠵᠦ᠂ ᠵᠡᠮᠳᠡᠭᠴᠦᠳ ᠲᠤ  ᠪᠣᠳᠠᠲᠤ  ᠶᠠᠪᠤᠳᠠᠯ ᠬᠢᠵᠦ ᠬᠦᠴᠢᠷ ᠶᠠᠪᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠪᠡᠷᠬᠡ ᠶᠢ ᠰᠥᠷᠦᠨ ᠤᠷᠤᠭᠰᠢᠯᠠᠵᠤ᠂ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠵᠣᠷᠢᠯᠲᠠ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠲᠠᠶᠢᠯᠪᠤᠷᠢᠯᠠᠵᠤ᠂ ᠰᠠᠭᠤᠷᠢ ᠮᠥᠩᠭᠦᠨ ᠤ ᠨᠡᠶᠢᠭᠡᠮᠯᠢᠭ ᠤᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠨᠢᠭᠦᠯᠡᠰᠦᠩᠭᠦᠢ ᠲᠦᠷᠦᠯ ᠲᠡᠮᠳᠡᠭ ᠤᠨ ᠲᠦᠷᠦᠯ ᠵᠦᠢᠯ ᠢ ᠴᠣᠭᠴᠠᠯᠠᠨ᠎ᠠ᠃ ᠠᠷᠠᠳ ᠤᠨ ᠠᠮᠢᠳᠤᠷᠠᠯ ᠲᠠᠢ ᠰᠡᠳᠬᠢᠯ ᠢᠶᠠᠨ ᠬᠤᠯᠪᠣᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠬᠤ ᠶᠢᠨ ᠬᠠᠮᠲᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠵᠡᠮᠳᠡᠭᠴᠦᠳ ᠢ ᠪᠣᠯᠭᠤᠭᠠᠨ ᠲᠣᠬᠤᠨᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号