ᠵᠠᠰᠠᠭ ᠤᠨ ᠣᠷᠳᠣᠨ ᠤ ᠠᠵᠢᠯ ᠤᠨ | ᠮᠡᠳᠡᠭᠦᠯᠦᠯᠲᠡ | - 2025 ᠤᠨ ᠤ 1 ᠰᠠᠷ᠎ᠠ ᠶᠢᠨ 9 ᠤ ᠡᠳᠦᠷ | ᠬᠥᠬᠡᠬᠤᠲᠠ ᠶᠢᠨ ᠬᠤᠲᠣᠩ ᠠᠷᠠᠳ ᠤᠨ | ᠲᠣᠭᠤᠷᠢᠭ ᠲᠤ | ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ | ᠳᠡᠭᠡᠷ᠎ᠡ | ᠬᠣᠲᠣᠩ ᠠᠷᠠᠳ ᠶ᠋ᠢᠨ ᠲᠣᠭᠣᠷᠢᠭ ᠤ᠋ᠨ | ᠠᠷᠠᠳ ᠶ᠋ᠢᠨ ᠵᠠᠰᠠᠭ ᠤᠨ ᠣᠷᠳᠣᠨ ᠤ ᠳᠠᠷᠤᠭ᠎ᠠ | ᠴᠢᠶᠣᠤ ᠸᠸᠨ ᠵᠢᠶᠧ | ᠲᠥᠯᠥᠭᠡᠯᠡᠭᠴᠢᠳ ᠡ ᠄ | ᠣᠳᠣ᠂ ᠪᠢ ᠬᠤᠲᠣᠩ ᠠᠷᠠᠳ ᠤᠨ ᠲᠣᠭᠤᠷᠢᠭ ᠤᠨ | ᠠᠷᠠᠳ ᠤᠨ ᠵᠠᠰᠠᠭ ᠤ ᠣᠷᠳᠣᠨ ᠤ ᠡᠮᠦᠨ᠎ᠡ ᠠᠴᠠ᠂ | ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ | ᠪᠣᠯᠪᠠᠤ᠂ ᠲᠡᠷᠡᠴᠢᠯᠡᠨ ᠡᠯ᠎ᠡ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ | ᠰᠤᠯᠠ ᠣᠷᠣᠯᠴᠠᠭᠰᠠᠨ ᠨᠥᠬᠦᠳ ᠰᠠᠨᠠᠯ ᠢᠶᠠᠨ | ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | 《ᠬᠤᠶᠠᠷ ᠶᠡᠭᠡ ᠶᠠᠪᠤᠳᠠᠯ》 ᠢ ᠰᠠᠶᠢᠲᠤᠷ | ᠬᠢᠬᠦ ᠳᠤ ᠠᠩᠬᠠᠷᠤᠯ ᠪᠠᠨ ᠲᠥᠪᠯᠡᠷᠡᠭᠦᠯᠵᠦ᠂ | ᠬᠡᠬᠦᠳᠡᠭ ᠴᠡᠭᠡᠵᠢᠨ ᠳᠡᠭᠡᠨ 《ᠤᠯᠤᠰ ᠤᠨ | ᠶᠡᠭᠡ ᠶᠠᠪᠤᠳᠠᠯ》 ᠢ ᠪᠠᠭᠲᠠᠭᠠᠵᠤ᠂ | ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ | ᠰᠦᠷᠦᠨ ᠤᠷᠤᠭᠰᠢᠯᠠᠵᠤ᠂ ᠠᠵᠤ ᠠᠬᠤᠢ ᠶᠢᠨ | ᠰᠢᠯᠢᠳᠡᠭ ᠠᠵᠤ ᠦᠢᠯᠡᠰ ᠢ ᠬᠦᠴᠦᠯᠡᠨ | ᠠᠳᠬᠤᠵᠤ᠂ ᠪᠦᠲᠦᠴᠡ ᠶᠢ ᠬᠤᠪᠢᠷᠠᠭᠤᠯᠤᠨ | ᠬᠥᠭᠵᠢᠯᠲᠡ ᠶᠢ ᠠᠬᠢᠭᠤᠯᠵᠤ᠂ ᠵᠠᠰᠠᠯᠲᠠ ᠶᠢ | ᠴᠢᠩᠭᠠᠳᠬᠠᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠵᠦ᠂ ᠠᠵᠤ ᠠᠬᠤᠢ ᠶᠢᠨ ᠬᠥᠭᠵᠢᠯᠲᠡ | ᠲᠣᠭᠲᠠᠭᠤᠨ ᠢᠶᠠᠷ ᠰᠠᠶᠢᠵᠢᠷᠠᠵᠤ᠂ ᠨᠡᠶᠢᠭᠡᠮ ᠤᠨ | ᠶᠡᠭᠡ ᠲᠠᠯ᠎ᠠ ᠡᠶ᠎ᠡ ᠵᠣᠬᠢᠴᠠᠩᠭᠤᠢ | ᠲᠣᠭᠲᠠᠭᠤᠨ ᠪᠠᠶᠢᠵᠤ᠂ ᠡᠯ᠎ᠡ ᠵᠦᠢᠯ ᠤᠨ ᠦᠢᠯᠡᠰ | ᠢᠯᠡᠳᠲᠡ ᠦᠷ᠎ᠡ ᠪᠦᠲᠦᠮᠵᠢ ᠤᠯᠪᠠ᠃ | ᠵᠢᠱᠢᠯᠲᠡ ᠪᠠᠷ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 419 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 6% ᠪᠠᠷ | ᠨᠡᠮᠡᠭᠳᠡᠪᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠥᠷᠲᠡᠭ 68.5 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 72.6 ᠳ᠋ᠦᠩᠰᠢᠭᠤᠷ ᠲᠥᠭᠦᠷᠢᠭ ᠶᠢ | ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 25% ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 365 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 5. 2% | ᠨᠡᠮᠡᠭᠳᠡᠪᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 11. 7 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤᠬᠢ ᠠᠴᠠ 7% ᠨᠡᠮᠡᠭᠳᠡᠪᠡ︔ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 5. 9 | ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5% ᠨᠡᠮᠡᠭᠳᠡᠪᠡ︔ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠶᠡᠷᠦᠩᠬᠡᠶ ᠲᠤᠭ᠎ᠠ 10. 4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5% ᠨᠡᠮᠡᠭᠳᠡᠪᠡ︔ | ᠳᠠᠯᠳᠠ ᠥᠷᠢ ᠥᠭᠴᠡᠭᠡ ᠶᠢ ᠨᠠᠮᠳᠠᠭᠤᠯᠬᠤ᠂ | ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠠᠷᠠᠯᠲᠠ ᠡᠭᠦᠷᠭᠡ ᠶᠢ ᠪᠦᠬᠦᠨ ᠢ | ᠪᠡᠶᠡᠯᠡᠭᠦᠯᠪᠡ᠃ | ᠭᠤᠤᠯᠳᠠᠭᠤ ᠳᠣᠤᠷᠠᠬᠢ ᠲᠠᠪᠤᠨ ᠲᠠᠯ᠎ᠠ ᠶᠢᠨ | ᠠᠵᠢᠯ ᠢ ᠬᠢᠪᠡ᠃ | (ᠨᠢᠭᠡ)ᠵᠠᠬ᠎ᠠ | ᠳᠡᠯᠭᠡᠭᠦᠷᠴᠢᠯᠡᠯᠲᠡ ᠪᠠᠷ ᠠᠵᠤ ᠦᠢᠯᠡᠰ ᠢ | ᠠᠳᠬᠤᠬᠤ ᠶᠢ ᠳᠤᠪᠤᠶᠢᠯᠭᠠᠵᠤ᠂ | ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠳᠤ ᠰᠢᠨ᠎ᠡ ᠰᠢᠪᠲᠤᠯᠤᠯᠲᠠ᠂ | ᠰᠢᠨ᠎ᠡ ᠦᠷ᠎ᠡ ᠪᠦᠲᠦᠮᠵᠢ ᠲᠠᠢ ᠪᠣᠯᠪᠠ | ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ | ᠪᠠᠷᠢᠯ ᠤᠨ ᠰᠢᠨ᠎ᠡ ᠶᠢ ᠡᠭᠦᠳᠦᠨ ᠬᠡᠷᠡᠭᠯᠡᠵᠦ᠂ | ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ | ᠠᠬᠢᠭᠤᠯᠵᠤ᠂ ᠨᠡᠩ ᠶᠡᠭᠡ ᠥᠷᠢᠰᠥᠯᠳᠦᠬᠦ | ᠬᠦᠴᠦᠨ ᠲᠠᠢ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠶᠢ ᠬᠦᠴᠦᠯᠡᠨ | ᠪᠠᠶᠢᠭᠤᠯᠤᠨ᠎ᠠ᠃ | ︽ᠡᠬᠢ ᠪᠠᠶᠠᠯᠢᠭ ᠢ ᠰᠣᠯᠢᠯᠲᠠ︾ ᠠᠷᠠᠯᠵᠢᠶ᠎ᠠ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ | ᠪᠠᠶᠢᠳᠠᠯ ᠪᠠᠶᠠᠯᠢᠭᠵᠢᠭᠤᠯᠪᠠ᠃ ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠢ ᠰᠢᠨᠡᠳᠭᠡᠨ ᠳᠡᠰ | ᠳᠡᠪᠰᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠢᠶᠠᠷ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ | ᠰᠣᠯᠢᠵᠤ᠂ ᠵᠦᠩ ᠱᠠᠨ ᠵᠠᠮ ᠤᠨ ᠶᠠᠪᠠᠭᠠᠨ ᠵᠡᠭᠡᠯᠢ ᠳᠤ ᠵᠡᠭᠡᠯᠢ ᠨᠡᠭᠡᠭᠡᠵᠦ᠂ ᠲᠢᠶᠠᠨ ᠶᠤᠸᠠᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠦ ᠨᠢᠩ ᠢ ᠭᠧᠤ Pro | ᠳᠡᠯᠭᠡᠭᠦᠷ ᠥᠪᠡᠳᠡᠭᠰᠢ ᠶᠡᠬᠡᠪᠡᠷ ᠠᠵᠢᠯ ᠡᠬᠢᠯᠡᠪᠡ᠃ ᠬᠠᠶᠢᠯᠠᠷ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠢ | ᠳᠡᠭᠡᠭᠰᠢᠯᠡᠭᠦᠯᠦᠨ ᠥᠭᠡᠷᠡᠴᠢᠯᠡᠵᠦ᠂ ᠮᠠᠰᠢᠨ ᠲᠡᠷᠭᠡᠨ ᠤ ᠠᠵᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢ | 144 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11% ᠪᠠᠷ ᠨᠡᠮᠡᠭᠳᠡᠭᠦᠯᠦᠨ᠎ᠡ᠂ ᠡᠭᠦᠨ ᠳᠤ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ 40 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠣᠷᠣᠨ | ᠵᠠᠢ ᠶᠢᠨ ᠡᠬᠢ ᠪᠠᠶᠠᠯᠢᠭ ᠢ ᠰᠣᠯᠢᠬᠤ ᠪᠠᠷ ᠳᠠᠮᠵᠢᠨ ᠪᠠᠶᠠᠨ ᠵᠠᠮ ᠤᠨ ᠥᠨᠳᠥᠷ ᠲᠤᠯᠭᠠᠭᠤᠷᠲᠤ ᠬᠥᠭᠦᠷᠭᠡ ᠶᠢᠨ ᠳᠣᠣᠷ᠎ᠠ | ︽ᠵᠠᠬ᠎ᠠ ᠭᠠᠵᠠᠷ︾ ᠢ ᠴᠢᠯᠦᠭᠡᠲᠡᠢ ᠪᠣᠯᠭᠠᠵᠤ᠂ ᠲᠡᠷᠭᠡ · ᠠᠮᠢᠳᠤᠷᠠᠯ ᠤᠨ ᠲᠠᠯᠠᠪᠠᠢ ᠶᠢ ᠠᠮᠵᠢᠯᠲᠠ ᠲᠠᠢ ᠪᠠᠶᠢᠭᠤᠯᠵᠠᠢ᠃ | ᠴᠢᠩᠭᠢᠰ ᠬᠠᠭᠠᠨ ᠤ ᠪᠠᠷᠠᠭᠤᠨ ᠵᠡᠭᠡᠯᠢ ᠶᠢᠨ ᠬᠤᠳᠠᠯᠳᠤᠭᠠᠨ ᠤ ᠲᠣᠭᠤᠷᠢᠭ ᠤᠨ ᠶᠠᠰᠤ ᠴᠢᠨᠠᠷ ᠳᠡᠰ ᠳᠡᠪᠰᠢᠵᠦ᠂ | ᠨᠡᠶᠢᠭᠡᠮ ᠤᠨ ᠬᠥᠷᠥᠩᠭᠡ ᠶᠢ ᠲᠡᠳᠡᠨ ᠣᠷᠣᠭᠤᠯᠵᠤ᠂ ᠭᠤᠣ ᠯᠦᠨ ᠲᠧ ᠲᠠᠯᠠᠪᠠᠢ ᠶᠢᠨ ᠭᠠᠵᠠᠷ ᠳᠣᠣᠷᠠᠬᠢ ᠣᠷᠣᠨ | ᠵᠠᠢ ᠶᠢ ᠠᠮᠢᠳᠤᠯᠢᠭᠵᠢᠭᠤᠯᠵᠤ᠂ ᠪᠦᠬᠦ ᠬᠤᠲᠠ ᠶᠢᠨ ᠠᠩᠬᠠᠳᠠᠭᠴᠢ ᠠᠷᠢᠬᠢᠨ ᠤ ᠰᠣᠶᠣᠯ ᠤᠨ ᠮᠦᠽᠧᠢ ᠢᠯᠡᠷᠡᠪᠡ᠃ | ︽ᠵᠠᠬ᠎ᠠ ᠳᠡᠯᠭᠡᠭᠦᠷᠴᠢᠯᠡᠬᠦ ᠠᠷᠭ᠎ᠠ ᠬᠡᠮᠵᠢᠶ᠎ᠡ︾ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠷᠭ᠎ᠠ ᠬᠢᠳᠡᠯ ᠢ ᠥᠪᠡᠷᠲᠡᠭᠡᠨ ᠵᠠᠰᠠᠬᠤ ᠣᠷᠣᠨ ᠤ ᠣᠯᠠᠨ ᠵᠠᠭᠤᠴᠢᠯᠠᠭᠤᠷ ᠢᠶᠠᠷ ᠤᠬᠠᠭᠤᠯᠤᠨ ᠮᠡᠳᠡᠭᠡᠯᠡᠪᠡ᠃ | ︽ᠬᠤᠷᠰᠢᠨ ᠬᠤᠪᠢ ᠣᠷᠣᠬᠤ︾ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠶ᠎ᠠ᠃ | ︽ᠬᠤᠲᠣᠩ ᠠᠷᠠᠳ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ︾ | ᠵᠡᠷᠭᠡ ᠭᠤᠷᠪᠠᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠪᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠤᠪᠢ ᠣᠷᠣᠭᠤᠯᠤᠭᠰᠠᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠢᠦᠢ ᠱᠧᠩ | ᠯᠧ ᠭᠦ᠋ ᠹᠧᠩ ᠰᠤᠯᠠ ᠪᠠᠶᠢᠬᠤ ᠲᠠᠷᠢᠶᠠᠯᠠᠩ ᠤᠨ ᠲᠥᠬᠦᠭᠡᠷᠦᠮᠵᠢ ᠶᠢ ᠠᠮᠢᠯᠠᠭᠤᠯᠵᠤ᠂ 2000 ᠮᠦ ᠤᠳᠤ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠵᠦ᠂ ᠲᠠᠪᠤᠨ ᠥᠩᠭᠡ ᠶᠢᠨ ᠵᠢᠵᠢᠭ | ᠤᠳᠪᠠᠯᠠ ᠴᠡᠴᠡᠭ ᠪᠠᠳᠠᠷᠠᠨ ᠳᠡᠯᠭᠡᠷᠡᠵᠦ᠂ ᠪᠦᠬᠦ ᠬᠤᠳᠠ ᠶᠢᠨ ᠠᠩᠬᠠᠳᠠᠭᠴᠢ ᠲᠣᠭᠠᠨ ᠤ ᠤᠬᠠᠭᠠᠨᠲᠤ ᠭᠦᠵᠡᠯᠵᠡᠭᠡᠨ᠎ᠡ | ᠤᠷᠭᠤᠮᠠᠯ ᠤᠨ ᠦᠢᠯᠡᠳᠪᠦᠷᠢ ᠲᠠᠯᠠᠪᠠᠢ ᠳᠤ ᠴᠤᠤᠷᠢᠶᠠᠲᠤᠪᠠ᠃ ᠪᠠᠷᠠᠭᠤᠨ ᠤᠰᠤᠲᠤ ᠲᠣᠰᠬᠣᠨ ᠬᠤᠪᠢ | ᠣᠷᠣᠭᠤᠯᠬᠤ ᠬᠡᠯᠪᠡᠷᠢ ᠪᠠᠷ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠢᠷᠤᠭ ᠲᠥᠯᠥᠪᠯᠡᠭᠡᠨ ᠤ | ᠬᠦᠷᠢᠶᠡᠯᠡᠩ ᠲᠠᠢ ᠬᠠᠮᠲᠤᠷᠠᠯᠴᠠᠭ᠎ᠠ ᠥᠷᠨᠢᠭᠦᠯᠵᠦ᠂︽ᠣᠷᠣᠨ ᠵᠠᠢ ᠪᠠᠨ ᠪᠤᠴᠠᠭᠠᠬᠤ︾ ᠪᠦᠲᠦᠭᠡᠯᠴᠢ ᠰᠡᠳᠭᠢᠮ ᠶᠢᠨ | ᠦᠵᠡᠭᠦᠯᠦᠯᠭᠡ ᠶᠢᠨ ᠲᠥᠪ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ | ᠰᠣᠶᠣᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠵᠤ᠂ ᠤᠰᠤᠲᠤ ᠤᠷᠠᠯᠢᠭ ᠤᠨ | ᠲᠣᠰᠬᠣᠨ ︽ᠬᠦᠷᠢᠶᠡᠨ ᠠᠴᠠ ᠭᠠᠷᠬᠤ︾ ᠪᠣᠯᠵᠠᠢ᠃ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ | ᠵᠢᠦᠢ ᠶᠦᠨ ᠴᠢᠩ ᠴᠧᠩ︾ ᠵᠡᠷᠭᠡ ᠠᠷᠪᠠ ᠭᠠᠷᠤᠢ ᠤᠳᠠᠭᠠᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠠᠮᠵᠢᠯᠲᠠ ᠲᠠᠢ ᠡᠷᠬᠢᠯᠡᠪᠡ᠃ ᠤᠰᠤᠲᠤ ᠭᠦᠢᠯᠡᠰᠦᠨ ᠴᠡᠴᠡᠭ ᠤᠨ ᠬᠥᠨᠳᠡᠢ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ | ᠠᠮᠢᠲᠠᠨ ᠤ ᠬᠦᠷᠢᠶᠡᠯᠡᠩ ᠨᠢ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ | ᠦᠨᠡᠯᠡᠭᠳᠡᠵᠦ᠂ ᠪᠥᠬᠦ ᠣᠷᠣᠨ ᠤ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ 5 ᠪᠣᠯᠭᠠᠵᠤ᠂ ᠪᠥᠬᠦ | ᠬᠤᠲᠠ ᠳᠤ 19% ᠶᠢ ᠡᠵᠡᠯᠡᠪᠡ᠃ ︽ᠮᠡᠳᠡᠯᠭᠡ ᠶᠢᠨ ᠠᠶᠠᠯᠠᠯ ᠵᠢᠭᠤᠯᠴᠢᠯᠠᠯ ᠤᠨ ᠬᠥᠬᠡᠬᠤᠲᠠ︾ ᠰᠤᠳᠤᠯᠤᠨ | ᠰᠤᠷᠤᠯᠴᠠᠬᠤ ᠰᠠᠭᠤᠷᠢᠨ ᠭᠠᠵᠠᠷ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠰᠤᠳᠤᠯᠤᠨ | ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ ᠢᠶᠠᠷ ᠦᠨᠡᠯᠡᠵᠡᠢ᠃ ᠪᠦᠬᠦ ᠵᠢᠯ ᠳᠤ | ᠵᠤᠭᠠᠴᠠᠭᠰᠠᠳ 1300 ᠲᠦᠮᠡᠨ ᠬᠥᠮᠥᠨ ᠂ᠵᠢᠭᠤᠯᠴᠢᠯᠠᠯ ᠤᠨ ᠣᠷᠣᠯᠭ᠎ᠠ ᠨᠢ ᠵᠠᠭᠤᠨ ᠳ᠋ᠦᠩᠰᠢᠭᠤᠷ ᠲᠥᠭᠦᠷᠢᠭ ᠲᠤ | ᠬᠦᠷᠴᠡᠢ᠃ | ︽ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ | ᠠᠵᠤ ᠦᠢᠯᠡᠳᠪᠦᠷᠢ ᠶᠢᠨ ᠰᠢᠨ᠎ᠡ ᠬᠥᠳᠡᠯᠭᠡᠭᠦᠷ᠃ ᠭᠤᠣᠯᠳᠠᠯᠭ᠎ᠠ ᠲᠠᠢ ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠣᠷᠣᠭᠤᠯᠤᠯᠲᠠ 1.4 ᠳ᠋ᠦᠩᠰᠢᠭᠤᠷ | ᠲᠥᠭᠦᠷᠢᠭ ᠲᠤ ᠬᠦᠷᠪᠡ᠃ 8 ᠠᠵᠤ ᠠᠬᠤᠶᠢᠯᠠᠯ ᠤᠯᠤᠰ ᠤᠨ ᠳᠡᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ᠃ ᠨᠠ ᠰᠦᠨ ᠪᠦᠯᠦᠭᠯᠡᠯ ᠪᠣᠯᠣᠨ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠦᠢᠯᠡᠳᠪᠦᠷᠢᠯᠡᠬᠦ | ᠵᠢᠭᠠᠬᠤ ᠰᠤᠳᠤᠯᠬᠤ ᠬᠠᠮᠲᠤᠷᠠᠯᠴᠠᠭ᠎ᠠ᠂ ᠲᠣᠭᠲᠠᠮᠠᠯ ᠭᠦᠶᠦᠳᠡᠯᠲᠦ ᠬᠦᠳᠡᠷ ᠤᠨ ᠵᠤᠤᠬ᠎ᠠ ᠶᠢᠨ ᠮᠡᠷᠭᠡᠵᠢᠯ ᠪᠦᠬᠦ | ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠠᠵᠤ ᠠᠬᠤᠶᠢᠯᠠᠯ ᠨᠢ ᠥᠪᠡᠷᠲᠡᠭᠡᠨ ᠵᠠᠰᠠᠬᠤ | ᠣᠷᠣᠨ ᠤ ᠳᠡᠰ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠢᠶᠠᠷ ᠦᠨᠡᠯᠡᠭᠳᠡᠪᠡ᠃ ᠬᠤᠩ | ᠷᠦᠢ ᠡᠨᠧᠷᠭᠢ ᠠᠷᠪᠢᠯᠠᠬᠤ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ ᠣᠨᠴᠠᠭᠠᠢ ᠰᠢᠨ᠎ᠡ︾ | ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠵᠦ᠂ ᠵᠦᠩ ᠬᠤᠸᠠᠨ ᠠᠵᠤ ᠦᠢᠯᠡᠳᠪᠦᠷᠢ ᠠᠷᠠᠯᠵᠢᠶ᠎ᠠ ᠨᠢ | ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠳᠠᠩ ᠲᠦᠷᠦᠯ ᠤᠨ ᠮᠠᠩᠯᠠᠢ ᠠᠵᠤ ᠠᠬᠤᠶᠢᠯᠠᠯ ᠢᠶᠠᠷ | ᠦᠨᠡᠯᠡᠭᠳᠡᠵᠦ᠂ ᠳ᠋ᠦᠩ ᠹᠠᠩ ᠬᠦᠴᠦᠳᠡᠯ ᠥᠭᠡᠷᠡᠴᠢᠯᠡᠭᠴᠢ ᠵᠡᠷᠭᠡ 10 ᠠᠵᠤ ᠠᠬᠤᠶᠢᠯᠠᠯ ᠨᠢ ᠥᠪᠡᠷᠲᠡᠭᠡᠨ ᠵᠠᠰᠠᠬᠤ | ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠵᠦ᠂ ᠮᠧᠩ ᠬᠠᠢ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠢᠶᠠᠷ ᠦᠨᠡᠯᠡᠭᠳᠡᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 3 ᠨᠡᠮᠡᠭᠳᠡᠭᠦᠯᠵᠦ᠂ ᠶᠡᠷᠦᠩᠬᠡᠢ ᠲᠤᠭ᠎ᠠ ᠶᠢ 16 | ᠪᠣᠯᠭᠠᠪᠠ᠃ | ᠪᠦᠲᠦᠮᠵᠢᠲᠡᠢ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠪᠠ ᠶᠠᠰᠤ ᠴᠢᠨᠠᠷ ᠢ ᠪᠦᠲᠦᠮᠵᠢᠲᠡᠢ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ | ᠲᠥᠷᠥᠯ ᠵᠦᠢᠯ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠤᠨ ᠬᠤᠷᠳᠤᠴᠠ ᠶᠢ | ᠲᠦᠷᠭᠡᠳᠬᠡᠨ᠎ᠡ᠃ ᠲᠦᠷᠦᠯ ᠵᠦᠢᠯ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠥᠨᠳᠥᠷ | ᠦᠷ᠎ᠡ ᠠᠰᠢᠭ ᠲᠠᠢ ᠲᠦᠷᠦᠯ ᠵᠦᠢᠯ ᠤᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠳ᠋ᠧ | ᠲᠦᠩ ᠶᠦᠨ ᠳᠤᠮᠳᠠ ᠬᠤᠷᠤᠭ᠎ᠠ ᠵᠡᠷᠭᠡ 500 ᠲᠦᠮᠡᠨ ᠲᠥᠭᠦᠷᠢᠭ ᠠᠴᠠ ᠳᠡᠭᠡᠭᠰᠢᠬᠢ 72 ᠭᠤᠣᠯᠳᠠᠯᠭ᠎ᠠ ᠲᠠᠢ | ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠵᠦ᠂ 47 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ 75 | ᠬᠡᠯᠡᠯᠴᠡᠭᠡᠷ ᠤᠨ ᠪᠡᠯᠡ ᠣᠷᠣᠭᠤᠯᠤᠯᠲᠠ 55.1 ᠳ᠋ᠦᠩᠱᠢᠭᠤᠷ ᠲᠥᠭᠦᠷᠢᠭ ᠲᠤ ᠬᠦᠷᠴᠡᠢ᠃ ᠤᠯᠤᠰ ᠤᠨ | ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠬᠡᠷᠡᠯ ᠸᠣᠯᠲ ᠵᠡᠷᠭᠡ 18 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ ᠨᠠᠶᠢᠳᠠᠪᠤᠷᠢᠵᠢᠭᠤᠯᠵᠤ᠂ 53.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠪᠣᠳᠠᠲᠠᠶᠢᠵᠢᠭᠤᠯᠵᠤ᠂ ᠣᠨ ᠤ ᠬᠠᠷᠠᠯᠲᠠ ᠡᠭᠦᠷᠭᠡ ᠶᠢᠨ 153.4% ᠶᠢ ᠪᠡᠶᠡᠯᠡᠭᠦᠯᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠪᠡ᠃ ᠪᠦᠬᠦ ᠵᠢᠯ ᠳᠤ ᠰᠢᠨ᠎ᠡ ᠪᠠᠷ | ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 9181 ᠪᠣᠯᠪᠠ᠃ ᠵᠠᠰᠠᠭ ᠪᠠᠩᠬᠢ ᠠᠵᠤ ᠠᠬᠤᠶᠢᠯᠠᠯ ᠤᠨ | ᠲᠠᠪᠴᠠᠩ ᠨᠡᠶᠢᠲᠡ 5.6 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠪᠠ᠃ ᠡᠮ | ᠡᠮᠨᠡᠯᠭᠡ᠂ ᠡᠮᠴᠢᠯᠡᠭᠡᠨ ᠤ ᠪᠠᠭᠠᠵᠢ ᠬᠡᠷᠡᠭᠰᠡᠯ ᠤᠨ 62 ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ ᠪᠥᠬᠦ ᠬᠤᠲᠠ ᠶᠢᠨ | ᠠᠩᠬᠠᠳᠠᠭᠴᠢ ᠡᠮ ᠡᠮᠨᠡᠯᠭᠡ ᠶᠢᠨ ᠬᠤᠳᠠᠯᠳᠤᠭᠠᠴᠢᠳ ᠤᠨ ᠡᠪᠯᠡᠯ ᠢ ᠪᠠᠶᠢᠭᠤᠯᠪᠠ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ | ᠲᠣᠭᠤᠷᠢᠭ ᠢ ᠲᠣᠬᠢᠷᠠᠭᠤᠯᠤᠨ᠂ ︽ᠨᠢᠭᠡ ᠲᠥᠷᠥᠯ ᠢ ᠨᠢᠭᠡ ᠥᠷᠲᠡᠭᠡ ᠳᠤ ᠭᠦᠢᠴᠡᠳᠬᠡᠬᠦ︾ ᠶᠢ ᠪᠡᠶᠡᠯᠡᠭᠦᠯᠵᠦ᠂ 433 | ᠵᠦᠢᠯ ᠢ ︽ᠢᠯᠭᠠᠭ᠎ᠠ ᠦᠭᠡᠢ︾ ᠪᠠᠷ ᠭᠥᠯᠢᠶᠡᠨ ᠠᠪᠴᠤ ᠭᠦᠢᠴᠡᠳᠬᠡᠬᠦ ᠶᠢ ᠪᠡᠶᠡᠯᠡᠭᠦᠯᠵᠦ᠂ 1316 ᠵᠦᠢᠯ ᠢ | ᠪᠠᠷᠢᠮᠵᠢᠶᠠᠵᠢᠭᠤᠯᠤᠨ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ 920 ᠵᠦᠢᠯ ᠳᠤ ᠡᠯᠧᠺᠲᠷᠣᠨ ᠦᠨᠡᠮᠯᠡᠯ ᠢ | ᠬᠤᠯᠪᠣᠭᠳᠠᠭᠤᠯᠬᠤ ᠶᠢ ᠪᠡᠶᠡᠯᠡᠭᠦᠯᠵᠦ᠂ 829 ᠵᠦᠢᠯ ᠳᠤ ︽ᠦᠨᠡᠮᠯᠡᠯ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠵᠦ᠂ | 12 ᠵᠦᠢᠯᠡᠰ ᠢ ︽ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠪᠡᠶᠡᠯᠡᠭᠦᠯᠪᠡ᠃ ︽ᠨᠢᠭᠡ ᠠᠵᠢᠯ ᠲᠥᠷᠥᠯ ᠨᠢᠭᠡ | ᠦᠨᠡᠮᠯᠡᠯ︾ ︽ᠠᠵᠤ ᠠᠬᠤᠶᠢᠯᠠᠯ ᠬᠦᠴᠦᠨ ᠦᠭᠡᠢ ᠪᠣᠯᠭᠠᠬᠤ ᠨᠢᠭᠡ ᠶᠠᠪᠤᠳᠠᠯ︾ ᠵᠡᠷᠭᠡ ᠦᠢᠯᠡᠴᠢᠯᠡᠭᠡ ᠶᠢ | ᠲᠤᠷᠰᠢᠯᠲᠠ ᠶᠢᠨ ᠴᠡᠭ ᠪᠣᠯᠭᠠᠨ ᠥᠪᠡᠷᠲᠡᠭᠡᠨ ᠵᠠᠰᠠᠬᠤ ᠣᠷᠣᠨ ᠳᠤ ᠳᠡᠯᠭᠡᠷᠡᠭᠦᠯᠦᠨ᠎ᠡ᠃ | ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ᠃ ᠬᠡᠷᠡᠭᠯᠡᠭᠡ ᠶᠢᠨ ᠵᠦᠢᠯᠡᠰ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠰᠢᠨ | ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠴᠢᠮᠡᠭᠯᠡᠯ ᠤᠨ ᠪᠣᠷᠣᠯᠠᠭᠤᠯᠤᠯᠲᠠ ᠶᠢᠨ ᠲᠤᠭ᠎ᠠ ᠶᠢ 100 | ᠳ᠋ᠦᠩᠰᠢᠭᠤᠷ ᠲᠥᠭᠦᠷᠢᠭ ᠢ ᠳᠠᠪᠠᠵᠤ᠂ 17% ᠪᠠᠷ ᠨᠡᠮᠡᠭᠳᠡᠪᠡ᠃ ︽ᠵᠠᠭᠤᠨ ᠵᠢᠯ ᠤᠨ ᠳᠤᠮᠳᠠᠳᠤ ᠠᠭᠤᠯᠠ ᠶᠢᠨ | ᠵᠠᠮ · ᠠᠷᠪᠠᠨ ᠭᠠᠵᠠᠷ ᠤᠨ ᠴᠡᠴᠡᠭᠯᠡᠨ ᠬᠥᠭᠵᠢᠭᠰᠡᠨ ᠦᠵᠡᠮᠵᠢ︾ ᠵᠡᠷᠭᠡ ᠲᠣᠮᠣ ᠬᠡᠯᠪᠡᠷᠢ ᠶᠢᠨ ᠪᠠᠶᠠᠷ ᠳᠤᠷᠠᠰᠬᠠᠯ ᠤᠨ | ᠠᠵᠢᠯᠯᠠᠭ᠎ᠠ ᠶᠢ ᠠᠮᠵᠢᠯᠲᠠ ᠲᠠᠢ 4 ᠲᠠᠯᠠᠪᠤᠷ ᠡᠷᠭᠢᠯᠡᠵᠦ᠂ ︽ᠰᠥᠨᠢ ᠪᠠᠷ ᠤᠮᠠᠷᠠᠲᠤ ᠬᠢᠯᠢ ᠶᠢ ᠭᠡᠶᠢᠭᠦᠯᠵᠦ᠂ ᠬᠠᠷᠢᠵᠤ | ᠢᠷᠡᠬᠦ︾ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ ᠲᠥᠪ ᠲᠧᠯᠸᠢᠰ ᠤᠨ ᠰᠣᠨᠢᠨ ᠮᠡᠳᠡᠭᠡᠨ ᠤ ᠰᠤᠪᠠᠭ ᠤᠨ | ᠮᠡᠳᠡᠭᠡᠯᠡᠯ ᠢ ᠬᠦᠷᠲᠡᠪᠡ᠃ ᠠᠷᠠᠳ ᠲᠤ ᠠᠰᠢᠭ ᠬᠦᠷᠲᠡᠭᠡᠬᠦ ᠲᠡᠷᠭᠡᠨ ᠦᠵᠡᠭᠦᠯᠦᠯᠭᠡ ᠵᠡᠷᠭᠡ 120 ᠭᠠᠷᠤᠢ ᠲᠠᠯᠠᠪᠠᠢ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠪᠡ ᠃ ᠺᠤᠸᠠᠨ ᠰᠢᠶᠠᠩ ᠽᠢ ᠠᠮᠲᠠᠲᠤ ᠢᠳᠡᠭᠡᠨ ᠤ ᠵᠡᠭᠡᠯᠢ᠂ | ᠭᠤᠤ ᠵᠢᠶᠣᠣ ᠭᠤᠳᠤᠮᠵᠢ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠨᠢᠳᠤᠨᠤᠨ ᠤ ᠬᠢ ᠠᠴᠠ 3 | ᠳᠠᠬᠢᠨ ᠠᠴᠠ ᠳᠡᠭᠡᠭᠰᠢ ᠨᠡᠮᠡᠭᠳᠡᠪᠡ᠃ ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠲᠤ 120 | ᠳ᠋ᠦᠡᠭᠰᠢᠭᠤᠷ ᠲᠥᠭᠦᠷᠢᠭ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠣᠨᠴᠠᠯᠢᠭᠲᠤ ᠬᠤᠳᠠᠯᠳᠤᠭᠠᠨ ᠤ ᠲᠥᠪᠯᠡᠷᠡᠭᠰᠡᠨ | ᠲᠣᠭᠤᠷᠢᠭ ᠢᠶᠠᠷ ᠦᠨᠡᠯᠡᠭᠳᠡᠪᠡ᠃ ᠭᠠᠳᠠᠭᠠᠳᠤ ᠠᠷᠠᠯᠵᠢᠶᠠᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠷ᠎ᠠ | ᠰᠢᠷᠭᠤᠯᠵᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ 46 ᠠᠵᠤ ᠠᠬᠤᠶᠢᠯᠠᠯ ᠶᠡᠷᠦᠩᠬᠡᠶᠢᠯᠡᠭᠰᠡᠨ | ᠬᠠᠮᠠᠭᠠᠯᠠᠯᠲᠠ ᠶᠢᠨ ᠣᠷᠣᠨ ᠳᠤ ᠣᠷᠣᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢ | ᠳᠠᠩᠰᠠᠯᠠᠭᠤᠯᠤᠭᠰᠠᠨ ᠠᠵᠤ ᠠᠬᠤᠶᠢᠯᠠᠯ ᠵᠢᠴᠢ ᠭᠠᠳᠠᠭᠠᠳᠤ ᠭᠠᠷᠭᠠᠯᠲᠠ ᠶᠢᠨ ᠬᠡᠮᠵᠢᠶ᠎ᠡ ᠴᠥᠮ ᠥᠪᠡᠷᠲᠡᠭᠡᠨ ᠵᠠᠰᠠᠬᠤ | ᠣᠷᠣᠨ ᠤ ᠲᠡᠷᠢᠭᠦᠨ ᠳᠤ ᠣᠷᠣᠪᠠ᠃ | ︵ᠭᠤᠷᠪᠠ︶ᠨᠠᠷᠢᠯᠢᠭᠵᠢᠭᠤᠯᠤᠨ ᠴᠢᠨᠠᠷ ᠴᠢᠨᠰᠠᠭ᠎ᠠ ᠶᠢ ᠠᠳᠬᠤᠬᠤ ᠶᠢ ᠳᠣᠪᠤᠶᠢᠯᠭᠠᠵᠤ᠂ ᠬᠤᠲᠠ ᠬᠥᠳᠡᠭᠡ ᠶᠢᠨ ᠳᠦᠷᠰᠦ | ᠪᠠᠶᠢᠳᠠᠯ ᠰᠢᠨ᠎ᠡ ᠬᠤᠪᠢᠷᠠᠯᠲᠠ ᠲᠠᠢ᠂ ᠰᠢᠨ᠎ᠡ ᠳᠦᠷᠰᠦ ᠪᠠᠶᠢᠳᠠᠯ ᠲᠠᠢ ᠪᠣᠯᠪᠠ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠬᠤ ᠰᠢᠨ᠎ᠡ | ᠬᠠᠭᠤᠳᠠᠰᠤ ᠶᠢ ᠵᠢᠷᠤᠭᠯᠠᠪᠠ᠃ | ᠬᠤᠲᠠ ᠶᠢᠨ ᠴᠢᠳᠠᠮᠵᠢ ᠤᠯᠠᠮ ᠲᠡᠭᠦᠯᠳᠡᠷᠵᠢᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ︽ᠳᠤᠯᠠᠭᠠᠨ ᠪᠦᠯᠢᠶᠡᠨ ᠢᠨᠵᠧᠨᠧᠷᠢᠩ︾ ᠢ ᠬᠡᠷᠡᠭᠵᠢᠭᠦᠯᠵᠦ ᠣᠯᠠᠨ ᠲᠦᠮᠡᠨ ᠤ ᠵᠣᠯ ᠵᠢᠷᠭᠠᠯ ᠤᠨ ︽ᠳᠤᠯᠠᠭᠠᠴᠠᠭᠤᠯᠬᠤ︾ | ᠶᠢ ᠬᠡᠷᠡᠭᠵᠢᠭᠦᠯᠵᠦ᠂ 192 ᠵᠢᠵᠢᠭ ᠲᠣᠭᠤᠷᠢᠭ ᠪᠠ 125 ᠢᠯᠴᠢ ᠰᠣᠯᠢᠯᠴᠠᠬᠤ ᠥᠷᠲᠡᠭᠡ ᠶᠢ ᠲᠠᠰ ᠳᠡᠪᠰᠢᠭᠦᠯᠦᠨ | ᠥᠭᠡᠷᠡᠴᠢᠯᠡᠬᠦ ᠠᠵᠢᠯ ᠢ ᠬᠤᠭᠤᠴᠠᠭ᠎ᠠ ᠶᠣᠰᠣᠭᠠᠷ ᠳᠠᠭᠤᠰᠬᠠᠵᠤ᠂ ᠢᠯᠴᠢ ᠬᠠᠩᠭᠠᠬᠤ ᠵᠠᠭᠠᠯᠳᠤᠯᠭ᠎ᠠ ᠶᠢᠨ ᠨᠣᠷᠮ᠎ᠠ ᠶᠢ | 50.4% ᠪᠠᠷ ᠪᠠᠭᠤᠷᠠᠭᠤᠯᠵᠤ᠂ 50 ᠲᠣᠭᠠᠨ ᠠᠴᠠ ᠳᠡᠭᠡᠭᠰᠢᠬᠢ ᠲᠥᠪᠯᠡᠷᠡᠭᠦᠯᠦᠨ ᠵᠠᠭᠠᠯᠳᠤᠬᠤ ᠵᠢᠵᠢᠭ ᠲᠣᠭᠤᠷᠢᠭ ᠢ | ᠪᠥᠬᠦ ᠲᠠᠯ᠎ᠠ ᠪᠠᠷ ᠴᠡᠪᠡᠷᠯᠡᠪᠡ᠃ 46 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠥᠨᠳᠥᠷ | ᠪᠠᠷᠢᠮᠵᠢᠶ᠎ᠠ ᠪᠠᠷ ᠪᠡᠶᠡᠯᠡᠭᠦᠯᠵᠦ᠂ ᠪᠢᠨ ᠾᠧ ᠵᠠᠮ - ᠴᠢᠩ ᠺᠠᠢ ᠴᠢᠶᠣᠤ ᠬᠡᠰᠡᠭ ᠲᠣᠭᠤᠷᠢᠭ ᠤᠨ ᠬᠤᠯᠪᠤᠭᠠᠯᠠᠨ | ᠬᠥᠳᠡᠯᠦᠯᠴᠡᠵᠦ ᠥᠭᠡᠷᠡᠴᠢᠯᠡᠯᠲᠡ ᠬᠢᠭᠰᠡᠨ ᠦᠷ᠎ᠡ ᠪᠦᠲᠦᠮᠵᠢ ᠢᠯᠡᠳᠲᠡ ᠪᠣᠯᠵᠤ᠂ ᠣᠷᠣᠨ ᠤ ᠲᠥᠪ ᠤᠨ ᠰᠢᠨ ᠶᠢᠨ | ᠸᠠᠩ ᠺᠠᠷᠲ ᠤᠨ ᠭᠠᠵᠠᠷ ᠪᠣᠯᠵᠠᠢ᠃ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ | ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡᠳᠬᠡᠯ ᠠᠯᠪᠠᠨ ᠤ ᠪᠠᠭᠰᠢ ᠬᠤᠶᠢᠲᠤ ᠵᠠᠮ | ᠵᠡᠷᠭᠡ 13 ᠵᠤᠷᠪᠤᠰ ᠵᠠᠮ ᠤᠨ ᠤᠰᠤ ᠬᠤᠷᠠᠭᠰᠠᠨ ᠭᠤᠸᠠᠩ ᠮᠢᠩ ᠶᠡᠭᠡ ᠵᠡᠭᠡᠯᠢ ᠵᠡᠷᠭᠡ 6 ᠵᠤᠷᠪᠤᠰ ᠵᠠᠮ ᠤᠨ | ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠵᠤ ᠳᠠᠭᠤᠰᠬᠠᠪᠠ᠃ 2.8 | ᠺᠢᠯᠣᠮᠧᠲᠷ ᠤᠨ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠬᠡᠪᠡ᠃ | ᠬᠣᠶᠠᠷᠲᠠᠬᠢ ᠤᠳᠠᠭ᠎ᠠ ᠳᠠᠷᠤᠯᠲᠠ ᠨᠡᠮᠡᠭᠳᠡᠭᠦᠯᠬᠦ ᠬᠥᠭᠡᠷᠭᠡ ᠶᠢᠨ ᠭᠡᠷ ᠢ ᠪᠠᠶᠢᠭᠤᠯᠵᠤ᠂ 90 | ᠰᠠᠭᠤᠭᠠᠯᠢ ᠲᠣᠭᠤᠷᠢᠭ ᠤᠨ︽ᠤᠰᠤ ᠬᠠᠩᠭᠠᠬᠤ ᠳᠤ ᠬᠦᠴᠢᠷᠲᠡᠢ︾ ᠠᠰᠠᠭᠤᠳᠠᠯ ᠢ ᠪᠦᠬᠦᠨ ᠢ | ᠰᠢᠢᠳᠪᠦᠷᠢᠯᠡᠪᠡ᠃ ᠢ ᠱᠠᠨ ᠬᠤᠶᠢᠲᠤ ᠡᠷᠭᠢ᠂ ᠰᠢᠨ ᠼᠦᠨ ᠵᠢᠶᠠ ᠶᠤᠸᠠᠨ ᠵᠡᠷᠭᠡ 17 | ᠪᠠᠭ᠎ᠠ ᠲᠣᠭᠤᠷᠢᠭ ᠤᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ | ᠦᠢᠯᠡᠳᠪᠦᠷᠢ ᠶᠢᠨ ᠬᠠᠨ ᠪᠠᠶᠢᠰᠢᠩ ᠤᠨ ᠪᠤᠴᠠᠵᠤ ᠨᠡᠭᠦᠬᠦ ᠠᠰᠠᠷ᠂ ᠲᠢᠶᠠᠨ ᠢᠦᠢ ᠶᠢᠨ ᠴᠢᠯᠦᠭᠡᠲᠦ ᠬᠡᠮᠵᠢᠶ᠎ᠡ ᠵᠡᠷᠭᠡ 9 | ︽ᠪᠤᠴᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ᠲᠦᠷᠦᠯ ᠵᠦᠢᠯ ᠪᠦᠬᠦᠨ ᠢᠶᠠᠷ ᠢᠶᠠᠨ | ᠠᠵᠢᠯ ᠢᠶᠠᠨ ᠡᠬᠢᠯᠡᠭᠦᠯᠪᠡ᠃ ᠣᠯᠠᠨ ᠲᠦᠮᠡᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠳ᠋ᠠᠴᠢᠩ ᠵᠠᠮ ᠤᠨ | ᠳᠠᠮᠫᠤᠷᠠᠭᠤᠯᠤᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠷᠢ ᠶᠢᠨ ᠠᠰᠠᠷ ᠤᠨ ᠠᠰᠠᠭᠤᠳᠠᠯ | ᠤᠨ ᠴᠢᠨᠠᠷ ᠤᠨ ᠠᠬᠢᠯᠲᠠ ᠲᠠᠢ ᠪᠣᠯᠵᠤ᠂ 2 ᠰᠠᠭᠤᠷᠢ ᠨᠤᠷᠠᠬᠤ ᠠᠶᠤᠯᠲᠠᠢ ᠠᠰᠠᠷ ᠢ ᠪᠦᠬᠦᠨ ᠢ ᠨᠤᠷᠠᠭᠠᠪᠠ᠃ | ᠬᠤᠲᠠ ᠶᠢᠨ ᠬᠠᠮᠢᠶᠠᠷᠤᠯᠲᠠ ᠨᠡᠩ ᠳᠣᠲᠣᠨᠣᠴᠢᠯᠠᠭᠰᠠᠨ ᠪᠠᠶᠢᠳᠠᠭ᠃ ᠶᠢᠨ ᠬᠠᠢ ᠵᠠᠮ᠂ ᠴᠢᠩᠭᠢᠰ ᠬᠠᠭᠠᠨ | ᠪᠠᠷᠠᠭᠤᠨ ᠵᠡᠭᠡᠯᠢ ᠵᠡᠷᠭᠡ 7 ᠵᠤᠷᠪᠤᠰ ᠭᠤᠣᠯ ᠵᠠᠮ ᠢ ᠨᠠᠷᠢᠯᠢᠭᠵᠢᠭᠤᠯᠤᠨ ᠴᠡᠭᠴᠡᠯᠡᠨ ᠵᠠᠰᠠᠵᠤ᠂ ᠵᠡᠭᠡᠯᠢ ᠶᠢᠨ ᠳᠦᠷᠰᠦ | ᠪᠠᠶᠢᠳᠠᠯ ᠴᠣ᠋ ᠰᠢᠨ᠎ᠡ ᠪᠣᠯᠪᠠ᠃ ᠲᠡᠷᠭᠡᠨ ᠵᠣᠭᠰᠣᠭᠠᠯ 11 ᠶᠢ ᠥᠭᠡᠷᠡᠴᠢᠯᠡᠨ ᠥᠷᠭᠡᠳᠬᠡᠵᠦ᠂ 7086 ᠲᠡᠷᠭᠡ | ᠵᠣᠭᠰᠣᠬᠤ ᠪᠠᠶᠢᠷᠢ ᠭᠠᠷᠭᠠᠵᠤ᠂ 1200 ᠴᠠᠬᠢᠯᠭᠠᠨ ᠴᠡᠨᠡᠭᠯᠡᠬᠦ ᠪᠠᠭᠠᠨ᠎ᠠ ᠶᠢ ᠨᠡᠮᠡᠨ ᠪᠠᠶᠢᠭᠤᠯᠵᠤ᠂ ᠰᠢᠨᠬᠤᠸᠠ | ᠲᠠᠯᠠᠪᠠᠢ ᠶᠢᠨ ᠡᠮᠦᠨ᠎ᠡ ᠲᠠᠯ᠎ᠠ ᠳᠤ ᠪᠦᠬᠦ ᠬᠤᠳᠠ ᠶᠢᠨ ᠠᠩᠬᠠᠳᠠᠭᠴᠢ ᠭᠤᠷᠪᠠᠳᠤᠭᠠᠷ ᠦᠶ᠎ᠡ ᠶᠢᠨ ᠣᠶᠤᠨᠲᠤ ᠲᠡᠷᠭᠡᠨ | ᠵᠣᠭᠰᠣᠭᠠᠯ ᠢ ᠪᠠᠶᠢᠷᠢᠯᠠᠭᠤᠯᠵᠤ᠂ ᠭᠤᠣᠯ ᠬᠤᠳᠠ ᠶᠢᠨ ᠲᠣᠭᠤᠷᠢᠭ ᠲᠤ ᠲᠡᠷᠭᠡ ᠵᠣᠭᠰᠤᠭᠠᠬᠤ ᠳᠤ ᠬᠦᠴᠢᠷ᠂ ᠴᠠᠬᠢᠯᠭᠠᠨ | ᠴᠡᠨᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠪᠦᠲᠦᠮᠵᠢᠲᠡᠢ ᠨᠠᠮᠳᠠᠭᠤᠯᠪᠠ᠃ ᠬᠤᠳᠠᠯᠳᠤᠭᠠᠨ ᠤ ᠵᠡᠭᠡᠯᠢ ᠶᠢᠨ | ᠬᠤᠲᠠ ᠶᠢᠨ ᠬᠠᠮᠢᠶᠠᠷᠤᠯᠲᠠ ᠶᠢᠨ ᠳᠤᠮᠳᠠ ᠠᠩᠭᠢ᠂ ᠲᠠᠷᠢᠶᠠᠯᠠᠩ ᠳᠤ ᠬᠤᠯᠪᠣᠭᠳᠠᠬᠤ 5 ᠵᠡᠭᠡᠯᠢ ᠭᠤᠳᠤᠮᠵᠢ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠪᠠᠶᠢᠭᠤᠯᠤᠭᠳᠠᠵᠤ᠂ ᠬᠠᠮᠢᠶᠠᠷᠤᠯᠲᠠ ᠶᠢ ᠨᠠᠩ ᠣᠨᠣᠪᠴᠢᠲᠠᠶ ᠥᠨᠳᠥᠷ | ᠪᠦᠲᠦᠮᠵᠢᠲᠡᠶ ᠪᠣᠯᠭᠠᠪᠠ᠃ ᠪᠠᠷᠢᠯᠭ᠎ᠠ ᠶᠢᠨ ᠬᠤᠭ ᠨᠣᠪᠰᠢ ᠶᠢ ︽ᠡᠬᠢ ᠡᠭᠦᠰᠦᠯ ᠠᠴᠠ ᠨᠢ ᠬᠠᠮᠢᠶᠠᠷᠴᠤ᠂ ᠲᠥᠷᠥᠯ | ᠬᠤᠪᠢᠶᠠᠨ ᠬᠤᠷᠢᠶᠠᠨ ᠴᠤᠭᠯᠠᠭᠤᠯᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠲᠠ ᠳᠤ | ᠬᠤᠭ ᠨᠣᠪᠰᠢ ᠶᠢ ᠢᠯᠭᠠᠨ ᠬᠤᠪᠢᠶᠠᠬᠤ ᠲᠥᠪ ᠢ ᠤᠷᠢᠳᠠᠪᠠᠷ ᠪᠠᠶᠢᠭᠤᠯᠤᠨ ᠳᠠᠭᠤᠰᠬᠠᠵᠤ᠂ ᠡᠳᠦᠷ ᠤᠨ ᠰᠢᠢᠳᠪᠦᠷᠢᠯᠡᠬᠦ | ᠴᠢᠳᠠᠪᠤᠷᠢ 1500 ᠲᠣᠨ ᠳᠤ ᠬᠥᠷᠪᠡ᠃ ᠳᠠᠬᠢᠯᠲᠠ ᠡᠬᠢ ᠪᠠᠶᠠᠯᠢᠭ ᠢ ᠢᠯᠭᠠᠨ ᠢᠯᠭᠠᠵᠤ ᠬᠤᠷᠢᠶᠠᠨ ᠠᠪᠬᠤ 10 | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ | ᠠᠮᠢ ᠠᠬᠤᠢ ᠶᠢᠨ ᠰᠠᠭᠤᠷᠢ ᠨᠠᠩ ᠭᠦᠨ ᠵᠣᠵᠠᠭᠠᠨ᠃ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ | ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠬᠤᠶᠠᠳᠤᠭᠠᠷ | ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ 40 ᠭᠠᠷᠤᠢ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ | ᠬᠡᠷᠡᠭ ᠢ ᠪᠦᠬᠦᠨ ᠢ ᠰᠢᠢᠳᠪᠦᠷᠢᠯᠡᠵᠦ᠂ 15 ᠠᠰᠠᠭᠤᠳᠠᠯ ᠢ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠶᠢ | ᠡᠮᠬᠢ ᠵᠢᠷᠤᠮ ᠲᠠᠢ ᠠᠬᠢᠭᠤᠯᠪᠠ᠃ ︽ᠣᠢ ᠰᠢᠭᠤᠢ ᠶᠢᠨ ᠳᠠᠷᠤᠭ᠎ᠠ ᠶᠢᠨ ᠳᠦᠷᠢᠮ︾ ᠢ ᠭᠦᠨᠵᠡᠭᠡᠢ ᠪᠣᠳᠠᠲᠠᠢ | ᠬᠡᠷᠡᠭᠵᠢᠭᠦᠯᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ ︽ᠭᠤᠷᠪᠠᠨ ᠤᠮᠠᠷᠠᠲᠤ︾ | ᠶᠢᠨ ᠢᠨᠵᠧᠨᠧᠷᠢᠩ ᠢ ᠵᠢᠷᠭᠤᠳᠤᠭᠠᠷ ᠬᠤᠭᠤᠴᠠᠭᠠᠨ ᠳᠤ ᠭᠦᠨᠵᠡᠭᠡᠢ ᠬᠡᠷᠡᠭᠵᠢᠭᠦᠯᠵᠦ᠂ 9000 ᠮᠦ ᠲᠠᠴᠢᠷᠳᠠᠭᠰᠠᠨ | ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ 1 ᠲᠦᠮᠡᠨ ᠮᠦ ᠳᠤᠮᠳᠠ ᠨᠢᠯᠬ᠎ᠠ ᠣᠢ ᠶᠢ ᠠᠷᠠᠴᠢᠯᠠᠨ | ᠪᠣᠶᠢᠵᠢᠭᠤᠯᠬᠤ ᠡᠭᠦᠷᠭᠡ ᠶᠢ ᠵᠢᠷᠭᠤᠭᠠᠨ ᠵᠢᠯ ᠤᠷᠢᠳᠴᠢᠯᠠᠨ ᠪᠡᠶᠡᠯᠡᠭᠦᠯᠵᠦ᠂ ᠪᠦᠬᠦ ᠣᠷᠣᠨ ᠤ ᠤᠢ ᠰᠢᠭᠤᠢ ᠶᠢᠨ | ᠪᠦᠷᠬᠦᠴᠡ ᠶᠢᠨ ᠨᠤᠷᠮ᠎ᠠ 30.08% ᠬᠦᠷᠴᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ | ᠪᠦᠷᠬᠦᠴᠡ ᠶᠢᠨ ᠨᠤᠷᠮ᠎ᠠ 39.03% ᠬᠦᠷᠴᠡᠢ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠪᠣᠳᠠᠲᠠᠢ | ᠨᠠᠶᠢᠳᠠᠪᠤᠷᠢᠵᠢᠭᠤᠯᠵᠤ ᠨᠠᠷᠢᠯᠢᠭ ᠬᠢᠵᠦ᠂ 23 ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠶᠢ | ᠠᠷᠢᠯᠭᠠᠬᠤ︾ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 11 ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠶᠢ ᠬᠠᠤᠯᠢ ᠶᠣᠰᠣᠭᠠᠷ ᠴᠠᠭᠠᠵᠠᠯᠠᠵᠤ᠂ Y049 ᠪᠣᠷᠣᠭᠠᠨ ᠤ ᠪᠣᠬᠢᠷᠲᠤᠯ ᠢ | ᠬᠤᠯᠢᠯᠳᠤᠭᠤᠯᠤᠨ ᠭᠠᠳᠠᠭᠰᠢᠯᠠᠭᠤᠯᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠪᠡ᠃ 24 ᠬᠤᠪᠢᠨ ᠤ ᠪᠡᠯᠡᠳᠬᠡᠯ | ᠬᠤᠳᠳᠤᠭ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠪᠦᠬᠦᠨ ᠢ ᠪᠢᠲᠡᠭᠦᠮᠵᠢᠯᠡᠪᠡ᠃ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠵᠤ᠂ VOC ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠴᠥᠬᠦᠷᠡᠰᠢ ᠦᠭᠡᠢ ᠠᠳᠬᠤᠵᠤ᠂ ᠪᠦᠬᠦ ᠵᠢᠯ ᠤᠨ ᠠᠭᠠᠷ ᠤᠨ ᠰᠢᠯᠢᠳᠡᠭ ᠰᠠᠶᠢᠨ ᠡᠳᠦᠷ ᠤᠨ | ᠲᠤᠭ᠎ᠠ ᠶᠢ 308 ᠡᠳᠦᠷ ᠲᠤ ᠬᠦᠷᠭᠡᠵᠦ᠂ ᠳᠡᠭᠡᠷ᠎ᠡ ᠵᠢᠯ ᠤᠨ ᠬᠢ ᠠᠴᠠ 14 ᠡᠳᠦᠷ ᠨᠡᠮᠡᠭᠳᠡᠭᠦᠯᠪᠡ᠃ | ᠬᠥᠳᠡᠭᠡ ᠲᠣᠰᠬᠤᠨ ᠤ ᠵᠠᠰᠠᠯᠲᠠ ᠨᠠᠩ ᠦᠷ᠎ᠡ ᠪᠦᠲᠦᠮᠵᠢ ᠲᠠᠢ ᠪᠣᠯᠪᠠ᠃ ︽ᠮᠢᠩᠭ᠎ᠠ ᠲᠦᠮᠡᠨ ᠢᠨᠵᠧᠨᠧᠷᠢᠩ︾ | ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ | ᠠᠬᠤᠢ ᠶᠢᠨ ᠪᠣᠯᠪᠠᠰᠤᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ | ᠢᠯᠡᠳᠲᠡ ᠦᠷ᠎ᠡ ᠪᠦᠲᠦᠮᠵᠢ ᠣᠯᠪᠠ᠃ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠶᠢ 4537 | ᠲᠦᠮᠡᠨ ᠲᠥᠭᠦᠷᠢᠭ ᠴᠢᠷᠮᠠᠶᠢᠨ ᠣᠯᠵᠤ᠂ ᠳ᠋ᠤᠸᠠᠨ ᠵᠢᠶᠠ ᠶᠣᠣ ᠵᠡᠷᠭᠡ 3 ᠲᠣᠰᠬᠤᠨ ᠤ 1567 ᠡᠷᠦᠬᠡ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠶᠤᠸᠠᠨ ᠱᠠᠨ ᠽᠢ ᠵᠡᠷᠭᠡ 12 ᠲᠣᠰᠬᠤᠨ ︵ᠨᠡᠶᠢᠭᠡᠮ | ᠲᠣᠭᠤᠷᠢᠭ︶ ᠤ 5962 ᠡᠷᠦᠬᠡ ᠶᠢᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠵᠤ ᠳᠠᠭᠤᠰᠬᠠᠪᠠ᠃ | ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ | ᠥᠭᠡᠷᠡᠴᠢᠯᠡᠬᠦ ᠢᠨᠵᠧᠨᠧᠷᠢᠩ ᠢ ᠦᠨᠳᠦᠰᠦᠨ ᠳᠡᠭᠡᠨ ᠳᠠᠭᠤᠰᠭᠠᠪᠠ᠃ ᠬᠡᠪᠴᠢᠶᠡᠵᠢᠯ ᠤᠨ ᠴᠢᠨᠠᠷᠲᠠᠢ ᠳᠠᠬᠢᠨ | ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠰᠠᠬᠢᠵᠤ᠂ ᠶᠠᠳᠠᠭᠤ ᠶᠢ ᠰᠡᠷᠭᠡᠶᠢᠯᠡᠬᠦ | ᠳᠠᠭᠠᠳᠬᠠᠯ ᠤᠨ ᠦᠷᠭᠦᠯᠵᠢᠯᠡᠨ ᠳᠠᠭᠠᠳᠬᠠᠯ 7500 ᠬᠥᠮᠥᠨ ᠤᠳᠠᠭ᠎ᠠ ᠳᠤ ᠬᠦᠷᠪᠡ᠃ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠲᠣᠳᠣᠷᠬᠠᠢ ᠺᠠᠷᠲ︾ ᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠡᠯ᠎ᠡ | ᠲᠥᠷᠥᠯ ᠤᠨ ᠬᠠᠪᠰᠤᠷᠤᠨ ᠲᠡᠳᠬᠦᠬᠦ ᠪᠡᠯᠡ ᠮᠥᠩᠭᠦ᠂ ᠲᠠᠷᠢᠶᠠᠯᠠᠩ ᠢ ᠲᠤᠰᠠᠯᠠᠬᠤ ᠨᠥᠬᠦᠪᠦᠷᠢ ᠶᠢ ᠪᠦᠬᠦᠨ ᠢ | ᠪᠣᠳᠠᠲᠠᠶᠢᠵᠢᠭᠤᠯᠪᠠ᠃ | ︵ᠳᠥᠷᠪᠡ︶ᠵᠣᠯ ᠵᠢᠷᠭᠠᠯᠲᠤ ᠲᠥᠷᠥᠭᠳᠡᠯ ᠢ ᠳᠣᠪᠣᠶᠢᠯᠭᠠᠵᠤ ᠠᠷᠠᠳ ᠤᠨ ᠠᠮᠢᠳᠤᠷᠠᠯ ᠢ ᠠᠳᠬᠤᠨ᠂ ᠨᠡᠶᠢᠭᠡᠮ | ᠤᠨ ᠦᠢᠯᠡᠰ ᠰᠢᠨ᠎ᠡ ᠬᠤᠪᠢᠷᠠᠯᠲᠠ ᠲᠠᠢ ᠪᠣᠯᠵᠤ᠂ ᠰᠢᠨ᠎ᠡ ᠣᠯᠣᠯᠲᠠ ᠲᠠᠢ ᠪᠣᠯᠪᠠ | ᠠᠷᠠᠳ ᠤᠨ ᠬᠦᠰᠡᠯ ᠡᠷᠡᠮᠡᠯᠵᠡᠯ ᠢ ᠲᠣᠭᠲᠠᠭᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ | ᠠᠷᠠᠳ ᠤᠨ ᠬᠡᠷᠡᠭᠴᠡᠭᠡ ᠶᠢ ᠶᠠᠭᠠᠷᠠᠵᠤ᠂ ᠠᠷᠠᠳ ᠤᠨ ᠲᠥᠯᠥᠭᠡ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ | ᠨᠡᠶᠢᠭᠡᠮ ᠤᠨ ᠪᠠᠲᠤᠯᠠᠭ᠎ᠠ ᠨᠠᠩ ᠪᠠᠲᠤ ᠪᠠᠬᠢ ᠪᠣᠯᠪᠠ᠃ ᠵᠢᠱᠢᠯᠲᠡ ᠪᠠᠷ ᠪᠠᠶᠢᠩᠭᠤ ᠰᠠᠭᠤᠭ᠎ᠠ ᠬᠥᠮᠥᠨ ᠠᠮᠠ 47 | ᠲᠦᠮᠡ ᠳᠤ ᠬᠦᠷᠬᠦ ᠪᠣᠯᠣᠨ᠎ᠠ᠃ ᠬᠤᠲᠠ ᠪᠠᠯᠭᠠᠰᠤᠨ ᠤ 7413 ᠬᠥᠮᠥᠨ ᠳᠤ ᠰᠢᠨ᠎ᠡ ᠪᠠᠷ ᠠᠵᠢᠯ ᠣᠯᠭᠤᠵᠤ᠂ | 5644 ᠣᠶᠤᠲᠠᠳ ᠲᠤ ᠠᠵᠢᠯ ᠣᠯᠵᠤ ᠠᠳᠠᠯ ᠦᠢᠯᠡᠰ ᠴᠣᠭᠴᠠᠯᠠᠵᠤ᠂ 2638 ᠬᠥᠮᠥᠨ ᠤᠳᠠᠭ᠎ᠠ ᠠᠵᠢᠯ | ᠣᠯᠭᠤᠵᠤ᠂ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠶᠢ ᠨᠡᠶᠢᠲᠡ 2053 | ᠲᠦᠮᠡᠨ ᠲᠥᠭᠦᠷᠢᠭ ᠲᠠᠷᠬᠠᠭᠠᠵᠤ᠂ ᠸᠠᠨ ᠳ᠋ᠠ ᠲᠠᠯᠠᠪᠠᠶ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠥᠷᠲᠡᠭᠡ ᠫᠠᠶᠢᠰᠠ ᠡᠯᠭᠦᠨ ᠪᠠᠶᠢᠭᠤᠯᠤᠭᠳᠠᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 3842 ᠲᠦᠮᠡᠨ | ᠲᠥᠭᠦᠷᠢᠭ ᠲᠠᠷᠬᠠᠭᠠᠵᠤ᠂ 10.8 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠪᠡ᠃ 2776 ᠲᠦᠮᠡᠨ | ᠲᠥᠭᠦᠷᠢᠭ ᠤᠨ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ ᠲᠠᠷᠬᠠᠭᠠᠪᠠ᠃ 3 ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠤᠨ ᠡᠵᠡᠩᠨᠡᠵᠦ᠂ ᠾᠦᠢ ᠳ᠋ᠧ᠂ ᠭᠤᠸᠠᠩ ᠯᠦᠩ ᠶᠤᠸᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡᠲᠤ ᠮᠠᠶ᠋ᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠪᠣᠯᠭᠠᠪᠠ᠃ | ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠦᠬᠦ | ᠬᠤᠲᠠ ᠶᠢᠨ ᠴᠣᠷ ᠤᠨ ᠭᠠᠭᠴᠠ ᠪᠦᠬᠦ ᠤᠯᠤᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠲᠤᠷᠰᠢᠯᠲᠠ ᠶᠢᠨ ᠲᠣᠭᠤᠷᠢᠭ ᠲᠤ ᠰᠣᠩᠭᠤᠭᠳᠠᠪᠠ᠃ ᠠᠩᠬᠠᠳᠤᠭᠠᠷ ᠪᠦᠯᠦᠭ ᠤᠨ 12 ᠰᠠᠭᠤᠷᠢ ︽ᠳᠤᠮᠳᠠᠳᠤ ᠪᠠᠭ᠎ᠠ | ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ︾ ᠶᠢ | ᠠᠮᠵᠢᠯᠲᠠ ᠲᠠᠢ ᠪᠠᠶᠢᠭᠤᠯᠵᠤ᠂ ︽ᠴᠧᠨ ᠵᠢᠩ ᠠᠺᠠᠳᠧᠮᠢᠴᠢ ᠶᠢᠨ ᠵᠢᠯᠤᠭᠤᠳᠬᠤ ᠲᠥᠪ︾ ᠫᠠᠶᠢᠰᠠ ᠡᠯᠭᠦᠨ | ᠪᠠᠶᠢᠭᠤᠯᠤᠭᠳᠠᠵᠤ᠂ 15 ᠳ᠋ᠣᠺᠲ᠋ᠣᠷ ᠫᠷᠤᠹᠧᠰᠰᠤᠷ ᠢ ᠤᠶᠠᠨ ᠬᠠᠲᠠᠨ ᠴᠢᠨᠠᠷᠲᠠᠢ ᠪᠠᠷ ᠰᠢᠨᠵᠢᠯᠡᠬᠦ ᠤᠬᠠᠭᠠᠨ ᠤ ᠳᠡᠳ᠋ | ᠵᠠᠬᠢᠷᠤᠯ ᠤᠨ ᠲᠤᠰᠢᠶᠠᠯ ᠢ ᠡᠭᠦᠷᠭᠡᠯᠡᠪᠡ᠃ ︽ᠳᠥᠷᠪᠡᠨ ᠨᠢᠭᠡ︾ ᠶᠢᠨ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠦ᠂ | ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ | ᠪᠠᠭ᠎ᠠ ᠰᠤᠷᠭᠠᠭᠤᠯᠢ ᠶᠢᠨ ᠬᠡᠯᠲᠡᠰ᠂ ᠶᠢᠰᠦᠳᠦᠭᠡᠷ ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠰᠣᠷᠣᠭᠴᠢ | ᠡᠯᠰᠡᠵᠦ᠂ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ | ᠬᠢᠭᠡᠳ ᠬᠠᠢ ᠯᠢᠶᠠᠩ ᠰᠤᠷᠭᠠᠨ ᠬᠥᠮᠦᠵᠢᠯ ᠤᠨ ᠪᠦᠯᠦᠭᠯᠡᠯ ᠭᠦᠨᠵᠡᠭᠡᠢ ᠬᠠᠮᠲᠤᠷᠠᠯᠴᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠨᠡᠪᠲᠡᠷᠡᠭᠦᠯᠦᠨ ᠬᠥᠮᠥᠵᠢᠭᠦᠯᠪᠡ᠃ | ᠲᠥᠯᠥᠪᠯᠡᠭᠡ ᠠᠴᠠ ᠳᠠᠪᠠᠵᠤ 140 ᠬᠥᠮᠥᠨ ᠰᠢᠨ᠎ᠡ ᠪᠠᠷ ᠡᠯᠰᠡᠬᠦ ᠪᠠᠷ ᠲᠥᠯᠥᠪᠯᠡᠵᠦ᠂ ᠲᠠᠪᠤᠨ ᠵᠢᠯ ᠤᠨ ᠲᠤᠷᠰᠢ | ᠠᠩᠬ᠎ᠠ ᠤᠳᠠᠭ᠎ᠠ ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤᠨ ᠤ ᠰᠤᠷᠤᠭᠴᠢᠳ ᠤᠨ ᠪᠤᠴᠠᠵᠤ ᠢᠷᠡᠬᠦ ᠶᠢ | ᠪᠡᠶᠡᠯᠡᠭᠦᠯᠦᠨ᠎ᠡ᠃ ︽ᠣᠷᠣᠨ ᠤ ᠬᠠᠮᠢᠶᠠᠷᠤᠯᠲᠠ ᠶᠢᠨ ᠰᠤᠷᠭᠠᠭᠤᠯᠢ ᠳᠤ ᠤᠷᠢᠬᠤ︾ ᠶᠢ ᠭᠦᠨᠵᠡᠭᠡᠢ ᠠᠬᠢᠭᠤᠯᠵᠤ᠂ ᠥᠨᠳᠥᠷ | ᠰᠤᠷᠤᠯᠭ᠎ᠠ ᠶᠢᠨ ᠨᠠᠮᠲᠠᠷ ᠲᠠᠢ ᠵᠠᠯᠠᠭᠤ ᠰᠤᠷᠭᠠᠭᠤᠯᠢ ᠶᠢᠨ ᠳᠠᠷᠤᠭ᠎ᠠ 28 ᠬᠥᠮᠥᠨ ᠢ ᠰᠣᠩᠭᠤᠨ ᠤᠷᠢᠵᠤ᠂ ᠪᠦᠬᠦᠯᠢ | ᠡᠳᠦᠷ ᠤᠨ ᠳᠦᠷᠢᠮᠲᠦ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠰᠤᠷᠭᠠᠭᠤᠯᠢ ᠶᠢᠨ | ᠬᠦᠷᠢᠶᠡᠨ ᠤ ᠳᠠᠷᠤᠭ᠎ᠠ 47.6% ᠶᠢ ᠡᠵᠡᠯᠡᠪᠡ᠃ 225 ᠰᠢᠯᠢᠳᠡᠭ ᠪᠠᠭᠰᠢ ᠶᠢ ᠢᠯᠡ ᠪᠠᠷ ᠡᠯᠰᠡᠨ ᠡᠯᠰᠡᠵᠦ᠂︽ | ᠭᠤᠷᠪᠠᠨ ᠡᠩᠨᠡᠭᠡ︾ ᠤᠨ ᠰᠢᠯᠢᠳᠡᠭ ᠢ ᠬᠥᠮᠥᠵᠢᠭᠦᠯᠦᠨ ᠬᠦᠴᠦᠷᠬᠡᠭᠵᠢᠭᠦᠯᠪᠡ᠃ ᠣᠷᠣᠨ ᠤ ᠰᠤᠷᠭᠠᠨ ᠬᠥᠮᠦᠵᠢᠯ ᠤᠨ | ᠲᠣᠪᠴᠢᠶ᠎ᠠ ᠰᠤᠷᠭᠠᠨ ᠬᠥᠮᠦᠵᠢᠯ ᠤᠨ ᠶᠠᠮᠤᠨ ᠤ ︽ᠬᠥᠳᠡᠯᠮᠦᠷᠢ ᠶᠢᠨ ᠰᠤᠷᠭᠠᠨ ᠬᠥᠮᠦᠵᠢᠯ ᠤᠨ 1X ᠵᠢᠱᠢᠶ᠎ᠡ | ᠦᠵᠡᠭᠦᠯᠬᠦ ᠦᠢᠯᠡᠳᠦᠯᠭᠡ ᠶᠢᠨ ᠰᠠᠭᠤᠷᠢᠨ ᠭᠠᠵᠠᠷ︾ ᠢᠶᠠᠷ ᠦᠨᠡᠯᠡᠭᠳᠡᠵᠦ᠂ ᠭᠤᠷᠪᠠᠳᠤᠭᠠᠷ ᠬᠡᠦᠬᠡᠳ ᠤᠨ ᠴᠡᠴᠡᠷᠯᠢᠭ ᠨᠢ | ᠰᠤᠷᠭᠠᠨ ᠬᠥᠮᠦᠵᠢᠯ ᠤᠨ ᠶᠠᠮᠤᠨ ᠤ ︽ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ ᠪᠣᠯᠪᠠᠰᠤᠷᠠᠭᠤᠯᠤᠯ ᠤᠨ | ᠲᠥᠪ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ︾ ᠢᠶᠠᠷ ᠦᠨᠡᠯᠡᠭᠳᠡᠪᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠭᠠᠳᠠᠭᠠᠳᠤ ᠬᠤᠯᠪᠣᠭ᠎ᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100% ᠳᠤ ᠬᠦᠷᠪᠡ᠃ | ᠪᠣᠯᠣᠳ ᠲᠡᠮᠦᠷ ᠵᠠᠮ᠂ ᠠᠯᠠᠭᠱᠠ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ ᠪᠦᠬᠦᠨ ᠢ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠨᠢᠭᠲᠠ | ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠳᠤ ᠣᠷᠣᠭᠤᠯᠵᠤ᠂ ᠬᠤᠲᠣᠩ ᠠᠷᠠᠳ ᠤᠨ ᠲᠣᠭᠤᠷᠢᠭ ᠤᠨ | ᠡᠮᠨᠡᠯᠭᠡ ᠶᠢᠨ ᠬᠤᠷᠢᠶ᠎ᠠ ᠬᠢᠭᠡᠳ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ ᠬᠠᠮᠲᠤᠷᠠᠨ ᠮᠡᠳᠡᠷᠡᠯ ᠤᠨ ᠳᠣᠲᠣᠷ ᠰᠠᠯᠠᠭᠠᠨ ᠤ ᠡᠪᠡᠳᠴᠢᠲᠡᠨ ᠤ ᠬᠤᠯᠪᠣᠭᠠᠯᠠᠭᠰᠠᠨ | ᠦᠷᠦᠭᠡ ᠶᠢ ᠪᠠᠶᠢᠭᠤᠯᠵᠤ᠂ ᠳ᠋ᠤᠭᠠᠷ ᠤᠨ ᠡᠬᠢ ᠶᠢ ᠳᠣᠷᠣᠭᠰᠢ ᠪᠠᠭᠤᠯᠭᠠᠬᠤ᠂ ᠬᠤᠣᠰ ᠴᠢᠭᠯᠡᠯ ᠢᠶᠠᠷ ᠰᠢᠯᠵᠢᠭᠦᠯᠦᠨ | ᠰᠢᠯᠵᠢᠭᠦᠯᠬᠦ ᠶᠢ ᠪᠡᠶᠡᠯᠡᠭᠦᠯᠵᠦ᠂ ᠨᠡᠪᠲᠡᠷᠡᠬᠦ ᠵᠠᠮ ᠤᠨ ᠵᠡᠭᠡᠯᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠬᠢᠭᠡᠳ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ ᠯᠤᠭ᠎ᠠ ᠬᠠᠮᠲᠤᠷᠠᠨ ᠴᠢᠰᠤᠨ ᠤ ᠨᠡᠪᠴᠢᠨ ᠵᠠᠳᠠᠯᠬᠤ ᠲᠥᠪ ᠢ ᠪᠠᠶᠢᠭᠤᠯᠵᠤ᠂ ᠪᠥᠬᠦ ᠬᠤᠲᠠ ᠶᠢᠨ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠰᠤᠨ ᠤ ᠨᠡᠪᠴᠢᠨ ᠵᠠᠳᠠᠯᠬᠤ ᠠᠵᠢᠯ ᠤᠨ | ᠰᠢᠪᠲᠤᠯᠤᠯᠲᠠ ᠶᠢ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ 0 | - 3 ᠨᠠᠰᠤᠨ ᠤ ᠬᠡᠦᠬᠡᠳ ᠰᠠᠭᠠᠲᠠᠭᠤᠯᠬᠤ ᠣᠷᠣᠨ ᠪᠠᠶᠢᠷᠢ ᠶᠢ 1755 ᠰᠢᠨ᠎ᠡ ᠪᠠᠷ ᠨᠡᠮᠡᠭᠳᠡᠭᠦᠯᠵᠦ᠂ ᠬᠡᠦᠬᠡᠳ | ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠤᠨ᠂ ︽ᠡᠷᠡᠭᠦᠯ ᠡᠩᠬᠡ ᠬᠡᠦᠬᠡᠳ ᠤᠨ ᠠᠶᠠᠯᠠᠯ︾ | ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ | ᠵᠠᠰᠠᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠦᠨᠳᠦᠰᠦᠨ ᠱᠠᠲᠤᠨ ᠤ ︽ᠤᠯᠠᠭᠠᠨ ᠠᠨᠠᠷ | ᠥᠷᠲᠡᠭᠡ︾ ᠶᠢ ᠨᠡᠶᠢᠳᠡᠮ ᠪᠦᠷᠬᠦᠭᠦᠯᠵᠦ᠂ ᠦᠨᠳᠦᠰᠦᠲᠡᠨ ᠤ ᠠᠵᠢᠯ ᠤᠨ ︽ᠭᠤᠷᠪᠠᠨ ᠲᠥᠯᠥᠪᠯᠡᠭᠡ︾ ᠶᠢ ᠯᠠᠪᠳᠠᠭᠤᠨ | ᠪᠠᠲᠤᠲᠠᠢ ᠠᠬᠢᠭᠤᠯᠵᠤ᠂ ︽ᠶᠢᠰᠦᠨ ᠬᠤᠷᠰᠢᠶ᠎ᠠ ᠬᠤᠯᠪᠤᠭᠠᠯᠠᠨ ᠬᠥᠳᠡᠯᠦᠯᠴᠡᠬᠦ︾᠂ City Walk ᠪᠠᠶᠢᠴᠠᠭᠠᠯᠲᠠ ᠶᠢᠨ | ᠰᠢᠨ᠎ᠡ ᠶᠢ ᠡᠭᠦᠳᠦᠨ ᠥᠷᠨᠢᠭᠦᠯᠵᠦ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ | ᠪᠠᠯᠭᠠᠰᠤ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ︽ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠤᠷᠰᠢᠯᠲᠠ ᠶᠢᠨ ᠴᠡᠭ ᠤᠨ | ᠲᠥᠷᠥᠯ ᠵᠦᠢᠯ︾ ᠢᠶᠠᠷ ᠰᠣᠩᠭᠤᠭᠳᠠᠪᠠ᠃ ᠠᠯᠠᠭᠱᠠ ᠶᠢᠨ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠴᠦᠨ ᠰᠢ᠂ ᠡᠵᠡᠨ᠎ᠡ ᠵᠡᠷᠭᠡ 7 ᠨᠡᠶᠢᠭᠡᠮ ᠲᠣᠭᠤᠷᠢᠭ ᠰᠢᠨ᠎ᠡ ᠪᠠᠷ ᠪᠠᠶᠢᠭᠤᠯᠤᠭᠳᠠᠭᠰᠠᠨ ᠪᠠᠶᠢᠨ᠎ᠠ | ᠃ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠷᠢᠯᠭᠠᠭᠰᠠᠨ ᠵᠦᠢᠯ 1068 ᠬᠤᠪᠢ ᠪᠠᠶᠢᠵᠤ᠂ | ᠠᠷᠢᠯᠭᠠᠭᠰᠠᠨ ᠨᠣᠷᠮ᠎ᠠ ᠨᠢ 96% ᠳᠤ ᠬᠦᠷᠪᠡ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ | ᠭᠠᠵᠠᠷ ᠤᠨ ᠰᠢᠢᠳᠪᠦᠷᠢᠯᠡᠭᠰᠡᠨ ᠠᠵᠢᠯ ᠤᠨ ᠬᠠᠭᠤᠳᠠᠰᠤ 6.6 ᠲᠦᠮᠡ ᠭᠠᠷᠤᠢ ᠪᠠᠶᠢᠵᠤ᠂ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ ᠨᠢ 98.5% ᠳᠤ ᠬᠦᠷᠴᠡᠢ᠃ ᠭᠦᠸᠧ ᠲᠦᠩ ᠲᠠᠷᠢᠶᠠᠯᠠᠩ ᠠᠷᠠᠯᠵᠢᠶᠠᠨ ᠤ ᠵᠠᠬ᠎ᠠ | ᠳᠡᠯᠭᠡᠭᠦᠷ᠂ ᠪᠣᠯᠣᠳ ᠲᠡᠮᠦᠷ ᠵᠠᠮ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠠᠮᠵᠢᠯᠲᠠ ᠲᠠᠢ ᠪᠠᠷ | ᠡᠭᠦᠳᠦᠨ ᠪᠠᠶᠢᠭᠤᠯᠪᠠ᠃ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠲᠥᠪ ᠦᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠠᠵᠢᠯ ᠤᠨ ᠥᠷᠲᠡᠭᠡ᠂︽ᠮᠢᠩᠭᠠᠨ ᠠᠵᠤ ᠠᠬᠤᠶᠢᠯᠠᠯ | ᠵᠠᠭᠤᠨ ᠬᠤᠲᠠ︾ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭ ᠢ ᠵᠢᠯᠤᠭᠤᠳᠬᠤ ᠥᠷᠲᠡᠭᠡ ᠪᠠᠶᠢᠭᠤᠯᠤᠭ ᠲᠠᠯ᠎ᠠ᠃ | | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠨᠡᠩ ᠪᠠᠬᠢᠵᠢᠪᠡ᠃ ᠥᠪᠡᠷᠲᠡᠭᠡᠨ ᠵᠠᠰᠠᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | ᠵᠢᠯᠤᠭᠤᠳᠬᠤ ᠲᠥᠪ ᠢ ᠠᠮᠵᠢᠯᠲᠠ ᠲᠠᠢ ᠪᠠᠶᠢᠭᠤᠯᠵᠤ᠂ ᠰᠢᠨᠬᠤᠸᠠ ᠠᠭᠤᠳᠠᠮ ᠲᠠᠯᠠᠪᠠᠢ᠂ ᠵᠦᠩ ᠱᠠᠨ ᠪᠠᠷᠠᠭᠤᠨ | ᠵᠠᠮ ᠤᠨ ᠬᠤᠳᠠᠯᠳᠤᠭᠠᠨ ᠤ ᠲᠣᠭᠤᠷᠢᠭ ᠲᠤ ᠣᠶᠤᠨᠲᠤ ᠭᠠᠯ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠵᠦ | ᠬᠢᠨᠠᠨ ᠬᠡᠮᠵᠢᠬᠦ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ 111 ᠵᠢᠵᠢᠭ ᠲᠣᠭᠤᠷᠢᠭ ᠤᠨ ᠴᠠᠬᠢᠯᠭᠠᠨ ᠱᠠᠲᠤ ᠶᠢᠨ | AI ᠢ ᠣᠶᠤᠨᠴᠢ ᠪᠠᠷ ᠢᠯᠭᠠᠨ ᠲᠠᠨᠢᠵᠤ ᠲᠤᠰᠠᠭᠠᠷᠯᠠᠬᠤ ᠰᠢᠰᠲ᠋ᠧᠮ ᠢ ᠪᠦᠬᠦᠨ ᠢ ᠤᠭᠰᠠᠷᠠᠵᠤ᠂ 1322 ᠠᠮᠢ | ᠨᠠᠰᠤᠨ ᠤ ᠨᠡᠪᠲᠡᠷᠡᠬᠦ ᠵᠠᠮ ᠢ ᠨᠠᠪᠲᠠᠷᠡᠭᠦᠯᠵᠦ ︽ᠴᠣᠩᠬᠤ ᠶᠢ ᠬᠠᠭᠠᠵᠤ ᠲᠣᠣᠷ ᠢ ᠡᠪᠳᠡᠬᠦ︾ ᠶᠢ ᠪᠥᠬᠦ ᠲᠠᠯ᠎ᠠ ᠪᠠᠷ | ᠪᠡᠶᠡᠯᠡᠭᠦᠯᠵᠦ᠂ 169 ᠲᠥᠪᠯᠡᠷᠡᠩᠭᠦᠢ ᠢᠳᠡᠭᠡᠨ ᠤᠮᠳᠠᠭᠠᠨ ᠤ ᠬᠤᠳᠠᠯᠳᠤᠭᠠᠴᠢᠨ ᠡᠷᠦᠬᠡ ᠰᠢᠲᠠᠮᠠᠬᠠᠢ ᠬᠡᠢ ᠶᠢᠨ | ︽ᠯᠣᠩᠬᠤ ᠶᠢ ᠥᠭᠡᠷᠡᠴᠢᠯᠡᠨ ᠬᠠᠮᠢᠶᠠᠷᠬᠤ︾ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠶᠢ | ᠥᠭᠡᠷᠡᠴᠢᠯᠡᠨ ᠰᠢᠯᠭᠠᠨ ᠠᠪᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ ᠨᠡᠶᠢᠲᠡ 3000 ᠭᠠᠷᠤᠢ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠥᠬᠦ ᠵᠢᠯ ᠳᠤ ᠬᠥᠮᠥᠨ | ᠠᠳᠡᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ | ᠡᠯ᠎ᠡ ᠵᠦᠢᠯ ᠤᠨ ᠠᠵᠢᠯ ᠦᠢᠯᠡᠰ ᠴᠡᠴᠡᠭᠯᠡᠨ ᠬᠥᠭᠵᠢᠪᠡ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠡᠮᠬᠢ ᠵᠢᠷᠤᠮ ᠲᠠᠢ ᠥᠷᠨᠢᠭᠦᠯᠵᠦ᠂ ᠤᠰᠤᠲᠤ | ᠵᠣᠤ ᠶᠢᠨ ᠬᠠᠨ᠎ᠠ ᠶᠢᠨ ᠵᠢᠷᠤᠭ ᠢ ᠬᠠᠮᠠᠭᠠᠯᠠᠨ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠳᠠᠭᠤᠰᠬᠠᠪᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ 25 ᠵᠦᠢᠯ ᠥᠷᠨᠢᠭᠦᠯᠦᠨ᠎ᠡ᠃ ᠲᠠᠪᠤᠳᠤᠭᠠᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠲᠡᠭᠦᠰ ᠠᠮᠵᠢᠯᠲᠠ ᠲᠠᠢ ᠪᠠᠷ | ᠪᠡᠶᠡᠯᠡᠭᠳᠡᠪᠡ᠃ ᠵᠦᠩ ᠱᠠᠨ ᠪᠠᠷᠠᠭᠤᠨ ᠵᠠᠮ︽ᠬᠤᠶᠠᠷ ᠢ ᠬᠦᠷᠢᠶᠡᠯᠡᠬᠦ ᠵᠢᠱᠢᠶ᠎ᠡ ᠦᠵᠡᠭᠦᠯᠬᠦ ᠵᠡᠭᠡᠯᠢ︾ ᠶᠢ | ᠠᠮᠵᠢᠯᠲᠠ ᠲᠠᠢ ᠡᠭᠦᠳᠴᠡᠢ᠃ ᠴᠢᠶᠣᠤ ᠴᠢᠶᠠᠨ ᠰᠢᠨ᠎ᠡ ᠰᠠᠭᠤᠴᠠ ᠶᠢ ᠨᠡᠭᠦᠯᠭᠡᠬᠦ ᠵᠢᠯᠤᠭᠤᠳᠬᠤ ᠲᠠᠪᠴᠠᠩ ᠪᠣᠯᠣᠨ | ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠨᠢᠭᠡ ᠴᠣᠭᠴᠠᠵᠢᠭᠤᠯᠤᠨ ᠪᠠᠶᠢᠭᠤᠯᠵᠤ | ᠠᠰᠢᠭᠯᠠᠯᠲᠠ ᠳᠤ ᠣᠷᠣᠭᠤᠯᠪᠠ᠃ ᠡᠮᠡᠭᠲᠡᠶᠢᠴᠦᠳ ᠤᠨ ᠬᠤᠯᠪᠣᠭ᠎ᠠ ᠪᠦᠬᠦ ᠤᠯᠤᠰ ᠤᠨ ᠡᠮᠡᠭᠲᠡᠶᠢᠴᠦᠳ ᠦᠨ | ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ | ᠰᠣᠩᠭᠤᠭᠳᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠵᠠᠷ ᠬᠥᠳᠡᠯᠦᠯᠲᠡ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠵᠡᠮᠳᠡᠭᠴᠦᠳ ᠵᠡᠷᠭᠡ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ | ᠠᠮᠵᠢᠯᠲᠠ ᠣᠯᠪᠠ᠃ | ︵ᠲᠠᠪᠤ︶ ᠦᠢᠯᠡᠳᠦᠯ ᠴᠢᠳᠠᠪᠬᠢ ᠶᠢ ᠲᠣᠪᠤᠶᠢᠯᠭᠠᠨ ᠰᠤᠷᠲᠠᠯ ᠢ ᠠᠳᠬᠤᠵᠤ᠂ ᠵᠠᠰᠠᠭ ᠤᠨ ᠣᠷᠳᠣᠨ ᠤ | ᠪᠠᠶᠢᠭᠤᠯᠤᠯᠲᠠ ᠰᠢᠨ᠎ᠡ ᠳᠠᠪᠰᠢᠯᠲᠠ᠂ ᠰᠢᠨ᠎ᠡ ᠳᠦᠷᠰᠦ ᠪᠠᠶᠢᠳᠠᠯ ᠲᠠᠢ ᠪᠣᠯᠪᠠ | ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠲᠠᠭᠤ ᠴᠢᠩᠭ᠎ᠠ ᠰᠤᠷᠲᠠᠯ ᠢᠶᠠᠷ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃ | ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ | ᠪᠠᠲᠤ ᠶᠢ ᠰᠠᠬᠢᠬᠤ︾ ᠬᠠᠷᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠢᠯᠡ ᠲᠣᠳᠣ ᠪᠦᠲᠦᠮᠵᠢᠲᠡᠢ ᠥᠷᠨᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠪᠠ᠃ 56 ᠦᠨᠳᠦᠰᠦᠨ ᠱᠠᠲᠤᠨ ᠤ ᠡᠷᠬᠡ ᠣᠯᠭᠤᠬᠤ ᠵᠦᠢᠯᠡᠰ ᠢ ᠬᠠᠤᠯᠢ ᠲᠣᠭᠲᠠᠭᠠᠯ ᠶᠣᠰᠣᠭᠠᠷ | ᠲᠣᠬᠢᠷᠠᠭᠤᠯᠵᠤ᠂ ᠲᠠᠷᠢᠶᠠᠯᠠᠩ ᠳᠤ ᠬᠤᠯᠪᠣᠭᠳᠠᠬᠤ 6 ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠦᠢᠯᠡᠰ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 120 ᠬᠤᠪᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ 180 ᠬᠤᠪᠢ ᠭᠦᠢᠴᠡᠳᠬᠡᠵᠦ᠂ ᠰᠢᠢᠳᠪᠦᠷᠢᠯᠡᠭᠰᠡᠨ ᠬᠠᠷᠢᠭᠤᠯᠲᠠ ᠴᠥᠮ | 100% ᠳᠤ ᠬᠦᠷᠪᠡ᠃ ᠠᠷᠠᠳ ᠤᠨ ᠲᠥᠯᠥᠭᠡᠯᠡᠭᠴᠢᠳ ᠦᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ 4 ᠲᠥᠷᠥᠯ ᠵᠦᠢᠯ ᠢ ᠪᠡᠶᠡᠯᠡᠭᠦᠯᠪᠡ᠃ ᠦᠨᠡᠨᠴᠢ ᠢᠲᠡᠭᠡᠮᠵᠢᠲᠡᠢ ᠵᠠᠰᠠᠭ ᠤᠨ | ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠤᠨ ᠣᠷᠳᠣᠨ ᠳᠤ ᠬᠤᠯᠪᠣᠭᠳᠠᠭᠰᠠᠨ | 21 ᠬᠡᠷᠡᠭ ᠢ ᠰᠢᠢᠳᠪᠦᠷᠢᠯᠡᠨ ᠳᠠᠭᠤᠰᠬᠠᠵᠤ᠂ ᠡᠯ᠎ᠡ ᠲᠥᠷᠥᠯ ᠤᠨ ᠲᠠᠩᠰᠠᠨ ᠵᠣᠭᠤᠰ ᠢ 5.7 ᠳ᠋ᠦᠩᠰᠢᠭᠤᠷ | ᠲᠥᠭᠦᠷᠢᠭ ᠲᠥᠯᠥᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠢᠳᠡᠭᠡᠨ ᠤᠮᠳᠠᠭᠠᠨ ᠤ ᠬᠤᠨᠤᠭ ᠤᠨ | ᠵᠣᠭᠤᠰ ᠢ ᠪᠦᠬᠦᠨ ᠢ ᠲᠠᠰᠤᠯᠤᠨ ᠳᠠᠭᠤᠰᠬᠠᠪᠠ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠠᠯᠪᠠᠨ ᠤ | ᠭᠤᠷᠪᠠᠨ ᠵᠠᠷᠤᠳᠠᠯ ᠤᠨ ᠵᠠᠷᠤᠯᠭ᠎ᠠ ᠳᠡᠭᠡᠷ᠎ᠡ ᠵᠢᠯ ᠤᠨ ᠬᠢ ᠠᠴᠠ 66.3% ᠪᠠᠷ ᠪᠠᠭᠤᠷᠠᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠤᠨ ᠬᠤᠲᠣᠩ ᠠᠷᠠᠳ ᠤᠨ ᠲᠣᠭᠤᠷᠢᠭ ᠤᠨ ᠣᠯᠣᠭᠰᠠᠨ | ᠠᠮᠵᠢᠯᠲᠠ ᠪᠦᠲᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠪᠦᠲᠦᠭᠡᠯ ᠮᠥᠨ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠶᠢᠨ ᠦᠷ᠎ᠡ ᠪᠦᠲᠦᠭᠡᠯ ᠮᠥᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠪᠦᠲᠦᠭᠡᠯ ᠮᠥᠨ᠂ | ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠪᠣᠳᠠᠲᠠᠢ ᠠᠵᠢᠯᠯᠠᠭᠰᠠᠨ ᠤ ᠦᠷ᠎ᠡ | ᠪᠦᠲᠦᠭᠡᠯ ᠮᠥᠨ᠃ ᠠᠳᠡ᠂ ᠪᠢ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ | ᠠᠷᠠᠳ ᠤᠨ ᠪᠦᠯᠬᠦᠮ ᠪᠣᠯᠣᠨ ᠡᠯ᠎ᠡ ᠡᠲᠡᠭᠡᠳ ᠤᠨ ᠬᠥᠮᠥᠰ᠂ ᠬᠤᠲᠣᠩ ᠠᠷᠠᠳ ᠤᠨ ᠲᠣᠭᠤᠷᠢᠭ ᠤᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ | ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠭᠡᠳᠡᠭ ᠢ ᠮᠡᠳᠡᠬᠦ ᠦᠭᠡᠢ᠂ ᠪᠦᠲᠦᠭᠡᠬᠦ ᠳᠤ ᠬᠢᠯᠪᠠᠷ | ᠪᠤᠯᠠᠪᠠᠴᠤ ᠬᠠᠲᠠᠭᠤ ᠪᠡᠷᠬᠡ ᠲᠠᠢ ᠪᠠᠶᠢᠳᠠᠭ᠃ ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠬᠠᠮᠲᠤ᠂ ᠣᠳᠣᠬᠠᠨ ᠳᠤ | ᠪᠠᠰᠠ ᠠᠯᠢ ᠣᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠄ ᠭᠠᠵᠠᠷ ᠣᠷᠣᠨ ᠤ ᠬᠥᠭᠵᠢᠯᠲᠡ ᠨᠢ | ᠮᠥᠨ ᠯᠡ ᠠᠭᠤᠯᠠ ᠶᠡᠭᠦᠷᠡᠬᠦ᠂ ᠳᠠᠪᠠᠭ᠎ᠠ ᠳᠠᠪᠠᠭᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠬᠤ ᠶᠢ ᠪᠢᠳᠡ | ᠪᠠᠰᠠ ᠰᠡᠷᠭᠡᠭ ᠢᠶᠠᠷ ᠣᠯᠵᠤ ᠬᠠᠷᠠᠪᠠ᠃ ᠣᠷᠣᠨ ᠵᠠᠢ ᠶᠢᠨ ᠡᠬᠢ ᠪᠠᠶᠠᠯᠢᠭ᠂ ᠠᠮᠢ ᠠᠬᠤᠢ ᠶᠢᠨ ᠡᠬᠢ ᠪᠠᠶᠠᠯᠢᠭ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ | ᠪᠦᠷᠢᠮᠦᠰᠦᠨ ᠬᠤᠪᠢᠷᠠᠭᠤᠯᠤᠭᠠᠳᠤᠢ᠂ ᠬᠥᠭᠵᠢᠯᠲᠡ ᠶᠢᠨ ᠨᠥᠭᠡᠴᠡ ᠬᠦᠴᠦᠨ ᠮᠥᠨ ᠬᠦ ᠬᠦᠷᠦᠯᠴᠡᠬᠦ ᠦᠭᠡᠢ ᠪᠠᠶᠢᠵᠤ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠮᠥᠨ ᠬᠦ ᠲᠦᠷᠭᠡᠳᠬᠡᠬᠦ ᠴᠢᠬᠤᠯᠠᠲᠠᠢ | ᠪᠠᠶᠢᠨ᠎ᠠ︔ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠬᠦᠷᠢᠶ᠎ᠡ ᠵᠡᠷᠭᠡ ᠲᠡᠦᠬᠡᠨ ᠥᠷᠢ ᠥᠭᠴᠡᠭᠡ | ᠳᠠᠪᠬᠤᠴᠠᠵᠤ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠳᠤ ᠮᠥᠨ ᠬᠦ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ︽ᠭᠦᠨ ᠤᠰᠤᠨ ᠤ ᠣᠷᠣᠨ︾︽ᠪᠣᠭᠤᠮᠲᠠ | ᠰᠢᠪᠲᠤᠯᠬᠤ ᠬᠤᠭᠤᠴᠠᠭ᠎ᠠ︾ ᠳᠤ ᠣᠷᠣᠬᠤ ᠴᠢᠬᠤᠯᠠᠲᠠᠢ ᠪᠠᠶᠢᠨ᠎ᠠ᠃ ᠪᠢᠳᠡ ᠠᠰᠠᠭᠤᠳᠠᠯ ᠳᠤ ᠰᠢᠭᠤᠳ ᠬᠠᠨᠳᠤᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠭᠤ ᠳᠤᠮᠳᠠ ᠰᠠᠨᠠᠭᠠᠴᠢᠯᠠᠭᠠᠲᠤ ᠡᠷᠬᠡ ᠶᠢ ᠣᠯᠵᠤ᠂ ᠰᠢᠨ᠎ᠡ ᠶᠢ ᠡᠭᠦᠳᠬᠦ | ᠬᠥᠭᠵᠢᠯᠲᠡ ᠶᠢᠨ ᠳᠤᠮᠳᠠ ᠠᠵᠠ ᠲᠣᠬᠢᠶᠠᠯ ᠢ ᠠᠮᠵᠢᠵᠤ᠂ ᠪᠦᠬᠦ ᠣᠷᠣᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ | ᠪᠡᠶᠡᠯᠡᠭᠦᠯᠬᠦ ᠡᠴᠦᠰ ᠤᠨ ᠵᠢᠯ ᠪᠣᠯᠣᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ | ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠭᠦᠨᠵᠡᠭᠡᠢ ᠰᠦᠪᠡᠭᠴᠢᠯᠡᠨ ᠪᠣᠳᠠᠲᠠᠢ ᠠᠳᠬᠤᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ | ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ︽︿ᠳᠥᠷᠪᠡᠨ ᠬᠤᠲᠠ ᠲᠣᠭᠤᠷᠢᠭ﹀ ᠢ ᠪᠦᠲᠦᠭᠡᠨ | ᠪᠠᠶᠢᠭᠤᠯᠬᠤ᠂ ᠲᠥᠪ ᠬᠤᠲᠠ ᠶᠢᠨ ᠣᠳᠣᠬᠢᠴᠢᠯᠠᠭᠰᠠᠨ ᠬᠡᠷᠡᠭᠯᠡᠭᠡᠨ ᠤ ᠲᠥᠪ ᠢ ᠴᠣᠭᠴᠠᠯᠠᠬᠤ᠂ ᠰᠢᠨ᠎ᠡ ᠵᠠᠮ ᠢ ᠨᠡᠭᠡᠭᠡᠵᠦ | ᠣᠷᠣᠨ ᠪᠠᠶᠢᠷᠢ ᠶᠢ ᠲᠡᠮᠡᠴᠡᠬᠦ︾ ᠲᠠᠯ᠎ᠠ ᠪᠠᠷ ᠨᠠᠩ ᠶᠡᠭᠡ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠲᠣᠩ ᠠᠷᠠᠳ ᠤᠨ ᠲᠣᠭᠤᠷᠢᠭ ᠤᠨ ᠰᠢᠨ᠎ᠡ ᠬᠠᠭᠤᠳᠠᠰᠤ ᠶᠢ | ᠲᠠᠰᠤᠷᠠᠯᠲᠠ ᠦᠭᠡᠢ ᠪᠢᠴᠢᠭᠯᠡᠬᠦ ᠪᠣᠯᠣᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6. 5% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠎ᠡ︔ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ | ᠵᠡᠷᠭᠡᠴᠡᠭᠦᠯᠦᠨ᠎ᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 13% | ᠣᠷᠴᠢᠮ ᠨᠡᠮᠡᠭᠳᠡᠭᠦᠯᠦᠨ᠎ᠡ᠃ ᠡᠨᠧᠷᠭᠢ ᠠᠷᠪᠢᠯᠠᠵᠤ ᠪᠣᠬᠢᠷᠳᠠᠯ ᠢ ᠪᠠᠭᠠᠰᠭᠠᠬᠤ ᠬᠠᠷᠤᠯᠲᠠᠲᠤ ᠡᠭᠦᠷᠭᠡ ᠶᠢ ᠪᠡᠶᠡᠯᠡᠭᠦᠯᠵᠡᠢ᠃ | | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠨ᠎ᠡ᠃ | ︵ᠨᠢᠭᠡ︶ ᠣᠷᠴᠢᠨ ᠲᠣᠭᠤᠷᠢᠨ ᠢ ᠥᠭᠡᠷᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠢ ᠪᠡᠯᠡ | ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠲᠡᠷᠢᠭᠦᠨ ᠤ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠪᠡᠯᠡ ᠣᠷᠣᠭᠤᠯᠤᠯᠲᠠ ᠶᠢᠨ ᠦᠷ᠎ᠡ | ᠠᠰᠢᠭ ᠢ ᠳᠡᠭᠡᠭᠰᠢᠯᠡᠭᠦᠯᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠲᠥᠷᠦᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ︽ᠴᠢᠬᠤᠯᠠ ᠶᠡᠭᠡ ᠲᠥᠷᠥᠯ ᠵᠦᠢᠯ ᠢ | ᠲᠥᠯᠥᠪᠵᠢᠭᠦᠯᠬᠦ ᠠᠵᠢᠯᠯᠠᠭ᠎ᠠ︾ ᠪᠠ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ | ᠨᠠᠶᠢᠳᠠᠪᠤᠷᠢᠵᠢᠭᠤᠯᠤᠨ᠎ᠠ᠃ ᠠᠵᠠ ᠲᠤᠬᠢᠶᠠᠯ ᠢ ᠠᠮᠵᠢᠨ ᠲᠦᠷᠦᠯ ᠵᠦᠢᠯ ᠢ ᠡᠷᠢᠯᠬᠢᠯᠡᠵᠦ᠂ ᠶᠡᠷᠦᠩᠬᠡᠢ ᠪᠡᠯᠡ | ᠤᠷᠤᠭᠤᠯᠤᠯᠳᠠ ᠨᠢ 267 ᠳ᠋ᠦᠩᠰᠢᠭᠤᠷ ᠲᠥᠭᠦᠷᠢᠭ ᠬᠦᠷᠴᠦ᠂ ᠬᠤᠳᠠ ᠶᠢᠨ ᠲᠡᠰ ᠤᠨ 88 ᠭᠤᠣᠯᠳᠠᠯᠭ᠎ᠠ ᠲᠠᠢ | ᠲᠦᠷᠦᠯ ᠵᠦᠢᠯ ᠢ ᠬᠡᠷᠡᠭᠵᠢᠭᠦᠯᠵᠦ᠂ ᠵᠢᠯ ᠳᠤ 71 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠭᠦᠯᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠪᠡᠶᠡᠯᠡᠭᠦᠯᠵᠦ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 25 ᠲᠥᠷᠥᠯ ᠵᠦᠢᠯ ᠳᠤ ᠭᠡᠷ᠎ᠡ ᠲᠣᠭᠲᠠᠪᠠ᠃ ᠪᠥᠬᠦ ᠬᠦᠴᠦᠨ ᠢᠶᠠᠷ ᠢᠶᠠᠨ ᠲᠥᠷᠥᠯ | ᠵᠦᠢᠯ ᠢ ᠨᠠᠶᠢᠳᠠᠪᠤᠷᠢᠵᠢᠭᠤᠯᠵᠤ᠂ 7 ᠪᠦᠯᠦᠭ ᠭᠠᠵᠠᠷ ᠰᠢᠷᠣᠢ ᠶᠢ ᠫᠠᠶᠢᠰᠠ ᠡᠯᠭᠦᠨ ᠬᠤᠳᠠᠯᠳᠤᠨ᠎ᠠ᠃ ᠡᠷᠢᠶᠡᠨ | ᠠᠳᠤᠭᠤᠨ ᠪᠦᠯᠦᠭᠯᠡᠯ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ 6 ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠤᠯ ᠤᠨ | ᠤᠯᠠᠨ ᠤᠯᠤᠰ ᠤᠨ ᠲᠣᠮᠣ ᠪᠠᠭᠤᠳᠠᠯ᠂ ᠠᠮᠠᠷᠠᠯᠲᠠ ᠶᠢᠨ ᠡᠳᠦᠷ ᠪᠠᠭᠤᠳᠠᠯ ᠵᠡᠷᠭᠡ 8.1 ᠲᠦᠮᠡᠨ ᠲᠡᠭᠰᠢ ᠳᠥᠷᠪᠡᠯᠵᠢᠨ | ᠮᠧᠲᠷ ᠤᠨ ᠠᠰᠠᠷ ᠢ ᠠᠮᠢᠯᠠᠭᠤᠯᠵᠤ᠂ ᠣᠳᠣᠨ ᠲᠡᠰ ᠤᠨ ᠪᠠᠭᠤᠳᠠᠯ᠂ ᠰᠤᠷᠭᠠᠨ ᠬᠥᠮᠦᠵᠢᠯ ᠤᠨ ᠪᠣᠯᠪᠠᠰᠤᠷᠠᠯ᠂ | ᠶᠡᠷᠦᠩᠬᠡᠢ ᠬᠡᠯᠲᠡᠰ ᠤᠨ ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠷᠢᠰᠢᠭᠤᠯᠤᠨ᠎ᠠ᠃ ᠢᠲᠡᠭᠡᠯ | ᠬᠦᠨᠳᠦ ᠲᠠᠢ ᠬᠠᠷᠠᠵᠤ ᠲᠡᠭᠡᠭᠡᠪᠦᠷᠢᠯᠡᠬᠦ ᠪᠡᠯᠡᠨ ᠵᠣᠭᠤᠰ ᠢ ᠰᠢᠢᠳᠪᠦᠷᠢᠯᠡᠬᠦ ᠲᠥᠪ ᠵᠡᠷᠭᠡ ᠰᠢᠨ᠎ᠡ ᠪᠠᠷ ᠪᠠᠶᠢᠭᠤᠯᠬᠤ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ 5 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠲᠦᠯᠬᠢᠨ ᠠᠬᠢᠭᠤᠯᠵᠤ᠂ ᠵᠢᠯ ᠤᠨ ᠳᠣᠲᠣᠷ᠎ᠠ 4.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠲᠥᠰᠥᠪᠯᠡᠨ᠂ ᠪᠦᠬᠦ ᠲᠠᠯ᠎ᠠ ᠪᠠ ᠠᠯᠤᠰ | ᠬᠡᠳᠦ ᠶᠢᠨ ᠬᠥᠭᠵᠢᠯᠲᠡ ᠳᠤ ᠬᠤᠯᠪᠣᠭᠳᠠᠬᠤ ᠵᠥᠷᠢᠴᠡᠯ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ 468 ᠵᠦᠢᠯ ᠤᠨ ᠭᠤᠶᠤᠴᠢᠯᠠᠭᠰᠠᠨ ᠡᠷᠬᠡ ᠬᠠᠷᠢᠭᠤᠴᠠᠯᠭ᠎ᠠ ᠶᠢᠨ ᠵᠦᠢᠯᠡᠰ ᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠠᠪᠴᠠᠩ ᠯᠤᠭ᠎ᠠ ᠬᠤᠯᠪᠣᠭᠳᠠᠭᠤᠯᠬᠤ ᠶᠢ ᠠᠬᠢᠭᠤᠯᠵᠤ᠂ | 3330 ᠵᠦᠢᠯ ᠤᠨ ᠡᠷᠬᠡ ᠲᠤᠰᠢᠶᠠᠯ ᠤᠨ ᠵᠦᠢᠯᠡᠰ ᠢ ᠪᠦᠬᠦᠨ ᠢ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ | ᠶᠢᠨ ᠲᠠᠪᠴᠠᠩ ᠳᠤ ᠣᠷᠣᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ︽ᠥᠨᠳᠥᠷ | ᠪᠦᠲᠦᠮᠵᠢᠲᠡᠶ ᠪᠠᠷ ᠡᠷᠭᠢᠯᠡᠭᠰᠡᠨ ᠶᠠᠪᠤᠳᠠᠯ︾ ᠤᠨ ᠢᠵᠢ ᠦᠢᠯᠡᠴᠢᠯᠡᠭᠡᠨ ᠤ ᠦᠢᠯᠡᠴᠢᠯᠡᠭᠡ ᠶᠢ ᠭᠠᠷᠭᠠᠪᠠ᠃ ᠠᠵᠤ | ᠠᠬᠤᠶᠢᠯᠠᠯ ᠢ ᠬᠠᠮᠠᠭᠠᠯᠠᠬᠤ ᠬᠤᠳᠠᠯᠳᠤᠭᠠᠨ ᠤ ᠲᠥᠪ ᠦᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ | ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠤᠶ᠎ᠠ᠃ | ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠪᠠ ᠣᠯᠠᠨ ᠡᠰᠢᠲᠦ ᠰᠢᠢᠳᠪᠦᠷᠢᠯᠡᠬᠦ ᠲᠣᠭᠲᠠᠴᠠ ᠶᠢ ᠭᠦᠢᠴᠡᠳ ᠬᠡᠷᠡᠭᠯᠡᠵᠦ᠂ | ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠬᠠᠤᠯᠢ ᠪᠠᠷ ᠵᠠᠰᠠᠬᠤ ᠪᠣᠯ | ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠲᠣᠭᠤᠷᠢᠨ ᠮᠥᠨ︾ ᠢ ᠪᠣᠳᠠᠲᠠᠢ ᠳᠤ | ᠨᠠᠶᠢᠳᠠᠪᠤᠷᠢᠵᠢᠭᠤᠯᠤᠨ᠎ᠠ᠃ | ᠥᠭᠡᠷᠡᠴᠢᠯᠡᠯᠲᠡᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠳᠥᠷᠪᠡᠨ ᠲᠠᠯ᠎ᠠ ᠶᠢᠨ 19 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠬᠥᠭᠵᠢᠯᠲᠡ ᠶᠢᠨ ᠣᠷᠣᠨ ᠵᠠᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠤᠨ | ᠲᠣᠭᠤᠷᠢᠨ ᠳᠤ᠂ ᠤᠰᠤᠨ ᠰᠤᠷᠪᠤᠯᠵᠢ ᠶᠢᠨ ᠭᠠᠵᠠᠷ ᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠠᠵᠠ ᠲᠣᠬᠢᠶᠠᠯ | ᠪᠣᠯᠭᠠᠵᠤ᠂ ᠬᠤᠶᠠᠳᠤᠭᠠᠷ ᠲᠣᠭᠤᠷᠢᠯ ᠭᠠᠳᠠᠨᠠᠬᠢ 28 ᠲᠡᠭᠰᠢ ᠳᠥᠷᠪᠡᠯᠵᠢᠨ ᠺᠢᠯᠣᠮᠧᠲᠷ ᠤᠨ ᠣᠷᠣᠨ ᠪᠦᠰᠡ ᠶᠢᠨ | ᠠᠵᠤ ᠦᠢᠯᠡᠰ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠬᠥᠭᠵᠢᠯᠲᠡ ᠶᠢᠨ | ᠠᠮᠢᠵᠢᠷᠠᠯ ᠤᠨ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠤᠨ ᠲᠣᠭᠤᠷᠢᠨ ᠳᠤ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ | ᠲᠤᠶᠢᠯ ᠤᠨ ᠣᠨᠣᠪᠴᠢᠲᠠᠶ ᠪᠠᠷ ᠵᠣᠯᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠤᠨ | ᠬᠥᠭᠵᠢᠯᠲᠡ ᠳᠤ ᠡᠨᠧᠷᠭᠢ ᠣᠯᠭᠤᠬᠤ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠪᠡᠯᠡ | ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠤᠨ ᠲᠣᠭᠤᠷᠢᠨ ᠳᠤ᠂ ᠦᠨᠳᠦᠰᠦᠨ ᠦᠭᠡᠢ ᠲᠥᠰᠥᠪ ᠤᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠦᠢᠯᠡᠰ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ | ᠲᠦᠭᠵᠢᠷᠡᠯ ᠤᠨ ᠠᠰᠠᠭᠤᠳᠠᠯ ᠤᠨ ᠲᠣᠭᠤᠷᠢᠨ ᠳᠤ᠂ ᠭᠡᠷ ᠪᠠᠶᠢᠰᠢᠩ ᠭᠠᠵᠠᠷ ᠰᠢᠷᠣᠢ ᠲᠠᠲᠠᠪᠤᠷᠢᠯᠠᠬᠤ ᠵᠢᠴᠢ | ᠬᠤᠲᠠ ᠶᠢᠨ ᠶᠠᠪᠤᠳᠠᠯ ᠤᠨ ᠬᠠᠮᠠᠭᠠᠯᠠᠯᠲᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ︵ᠬᠤᠶᠠᠷ︶ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠣᠷᠣᠨ ᠤ ᠲᠥᠪ ᠤᠨ ᠣᠳᠣᠬᠢᠴᠢᠯᠠᠭᠰᠠᠨ ᠬᠡᠷᠡᠭᠯᠡᠭᠡᠨ ᠤ ᠲᠥᠪ ᠢ ᠴᠣᠭᠴᠠᠯᠠᠨ᠎ᠠ | ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ ᠤᠨ ᠣᠷᠳᠣᠨ ᠤ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠪᠦᠲᠦᠮᠵᠢᠲᠡᠢ ᠬᠡᠷᠡᠭᠴᠡᠭᠡ ᠶᠢ | ᠬᠦᠴᠦᠯᠡᠨ ᠥᠷᠭᠡᠳᠬᠡᠨ᠎ᠡ᠃ | ᠳᠠᠪᠠᠭᠤᠯᠢᠭ ᠠᠵᠤ ᠦᠢᠯᠡᠰ ᠢ ᠲᠥᠪᠯᠡᠷᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠪᠠᠷᠢᠯᠭ᠎ᠠ ᠡᠬᠢᠯᠡᠭᠰᠡᠨ | ᠶᠡᠷᠦᠩᠬᠡᠢ ᠪᠡᠯᠡ ᠣᠷᠣᠭᠤᠯᠤᠯᠲᠠ ᠨᠢ 6.5 ᠳ᠋ᠦᠩᠰᠢᠭᠤᠷ ᠲᠥᠭᠦᠷᠢᠭ ᠲᠤ ᠬᠦᠷᠦᠭᠰᠡᠨ ᠲᠦᠮᠡᠨ ᠲᠥᠭᠦᠷᠢᠭ ᠤᠨ | ᠬᠤᠳᠠᠯᠳᠤᠭᠠᠨ ᠤ ᠶᠡᠷᠦᠩᠬᠡᠢ ᠴᠣᠭᠴᠠ᠃ ᠸᠧᠨᠵᠧᠦ ᠶᠢᠨ ᠶᠠᠪᠠᠭᠠᠨ ᠵᠡᠭᠡᠯᠢ᠂ ᠦᠬᠡᠷ ᠤᠨ ᠵᠡᠭᠡᠯᠢ ᠶᠢᠨ ᠣᠨᠴᠠᠯᠢᠭᠲᠤ | ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠥᠷᠭᠡᠨ ᠭᠤᠳᠤᠮᠵᠢ ᠲᠠᠢ | ᠬᠤᠯᠪᠣᠯᠳᠤᠭᠤᠯᠤᠨ ᠰᠢᠨᠡᠳᠬᠡᠵᠦ᠂ ᠰᠥᠨᠢ ᠶᠢᠨ ᠠᠵᠤ ᠠᠬᠤᠢ ᠶᠢ ᠤᠯᠠᠮ ᠨᠢᠭᠡ ᠠᠯᠬᠤᠮ ᠭᠡᠷᠡᠯᠲᠦᠭᠦᠯᠵᠦ᠂ ᠣᠲᠤᠭ᠎ᠠ | ᠳᠡᠭᠳᠡᠵᠦ ᠪᠠᠶᠢᠨ᠎ᠠ᠃ ᠠ ᠸᠧᠢ ᠲᠠ ᠵᠡᠷᠭᠡ 3 ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠷᠡᠲᠦ ᠲᠡᠮᠳᠡᠭ ᠢ | ᠣᠷᠣᠭᠤᠯᠤᠨ ᠠᠪᠴᠢᠷᠠᠵᠤ ᠤᠮᠠᠷᠠᠲᠤ ᠬᠢᠯᠢ ᠶᠢᠨ ᠰᠢᠨ᠎ᠡ ᠡᠨᠧᠷᠭᠢ ᠪᠣᠯᠣᠨ ᠳᠤᠮᠳᠠᠳᠤ ᠤᠯᠤᠰ ᠤᠨ ᠲᠡᠮᠦᠷ ᠵᠠᠮ ᠤᠨ | ᠮᠠᠰᠢᠨ ᠲᠡᠷᠭᠡᠨ ᠤ ᠬᠦᠷᠢᠶᠡᠯᠡᠩ ᠲᠣᠭᠤᠷᠢᠭ ᠲᠤ ᠣᠷᠣᠬᠤ ᠶᠢ ᠲᠦᠯᠬᠢᠨ ᠠᠬᠢᠭᠤᠯᠤᠶ᠎ᠠ᠃ ᠣᠲᠣ ᠦᠶ᠎ᠡ ᠶᠢᠨ | ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠨᠡᠶᠢᠲᠡ 3 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠤᠮᠠᠷᠠᠲᠤ ᠬᠢᠯᠢ᠂ ᠮᠧᠩ ᠴᠧᠩ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ ᠣᠶᠤᠨᠴᠢᠯᠠᠨ ᠲᠠᠰ ᠳᠡᠪᠰᠢᠭᠦᠯᠦᠨ | ᠥᠭᠡᠷᠡᠴᠢᠯᠡᠵᠦ ᠰᠢᠨ ᠴᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠥᠭᠡᠷᠡᠴᠢᠯᠡᠨ ᠪᠠᠶᠢᠭᠤᠯᠤᠨ᠎ᠠ᠃ | ᠮᠧᠩ ᠬᠠᠢ ᠶᠢᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠠᠪᠴᠠᠩ ᠢ ᠲᠠᠰ ᠳᠡᠪᠰᠢᠭᠦᠯᠬᠦ ᠶᠢ ᠳᠡᠮᠵᠢᠵᠦ᠂ ᠢᠨᠲ᠋ᠧᠷ ᠰᠦᠯᠵᠢᠶᠡᠨ ᠤ ᠲᠣᠮᠣ ᠠᠰᠠᠷ ᠲᠤ | ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠭᠡᠵᠢᠨ ᠠᠭᠤᠰᠤᠯᠴᠠᠬᠤ ᠶᠢ ᠠᠬᠢᠭᠤᠯᠤᠨ᠎ᠠ᠃ ᠣᠷᠣᠨ ᠤ | ᠲᠥᠪ ᠤᠨ ︽ᠨᠢᠭᠡ ᠬᠤᠩᠭᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠭᠤᠷᠢᠨ ᠳᠤ᠂ ᠴᠢᠨᠠᠷ ᠰᠠᠶᠢᠲᠠᠢ ᠡᠬᠢ | ᠪᠠᠶᠠᠯᠢᠭ ᠢ ᠭᠦᠢᠴᠡᠳ ᠠᠭᠤᠳᠠᠯᠠᠨ᠎ᠠ᠃ ᠵᠢᠩ ᠡᠯ ᠯᠢᠶᠠᠩ ᠤᠨ ᠥᠨᠳᠥᠷ ᠠᠭᠤᠯᠠ ᠶᠢᠨ ᠲᠠᠯ᠎ᠠ ᠨᠤᠲᠤᠭ ᠤᠨ ᠠᠮᠢ | ᠠᠬᠤᠢ ᠶᠢᠨ ᠲᠣᠭᠤᠷᠢᠨ ᠵᠤᠭᠠᠴᠠᠬᠤ ᠵᠠᠮ ᠱᠤᠭᠤᠮ ᠢ ᠠᠯᠬᠤᠮ ᠠᠯᠬᠤᠮ ᠢᠶᠠᠷ ᠨᠡᠭᠡᠭᠡᠵᠦ᠂ ᠳᠠᠯᠠᠨ ᠬᠠᠷ᠎ᠠ | ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠰᠤᠲᠤ ᠤᠷᠠᠯᠢᠭ ᠤᠨ ᠲᠣᠰᠬᠤᠨ ᠤ ᠨᠥᠯᠥᠭᠡᠯᠡᠬᠦ ᠬᠦᠴᠦᠨ ᠢ | ᠳᠡᠭᠡᠭᠰᠢᠯᠡᠭᠦᠯᠵᠦ᠂ ᠠᠷᠠᠳ ᠤᠨ ᠣᠷᠣᠨ ᠰᠠᠭᠤᠴᠠ᠂ ᠨᠠᠷᠠᠲᠤ ᠬᠥᠮᠥᠰ ᠤᠨ ᠤᠷᠠᠯᠢᠭ ᠤᠨ ᠠᠵᠢᠯ ᠤᠨ ᠲᠠᠰᠤᠭ | ᠵᠡᠷᠭᠡ ᠶᠢ ᠪᠠᠶᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠳᠤ ᠮᠡᠳᠡᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠰᠤᠯᠠ | ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠬᠤᠭᠤᠯᠠᠢ ᠭᠤᠣᠯ ᠪᠠ ᠮᠧᠢ ᠰᠢᠶᠠᠩ ᠲᠣᠰᠬᠤᠨ ᠤ ᠰᠣᠳᠣᠨ ᠠᠷᠠᠳ ᠤᠨ | ᠪᠠᠭᠤᠳᠠᠯ᠂ ᠵᠡᠭᠦᠨ ᠤᠰᠤᠲᠤ ᠰᠠᠨᠰᠠᠷ ᠤᠨ ᠥᠷᠥᠭᠡᠨ ᠤ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ ᠲᠦᠷᠦᠯ | ᠵᠦᠢᠯ ᠢ ᠬᠡᠷᠡᠭᠵᠢᠭᠦᠯᠵᠦ᠂ ᠳ᠋ᠤᠸᠠᠨ ᠵᠢᠶᠠ ᠶᠣᠣ ᠶᠢᠨ ᠳᠤᠭᠤᠢ ᠲᠡᠷᠭᠡᠨ ᠤ ᠵᠢᠵᠢᠭ ᠪᠠᠯᠭᠠᠰᠤ ᠶᠢ ᠪᠠᠶᠢᠭᠤᠯᠤᠨ᠎ᠠ᠃ ︽ᠰᠢ | ᠾᠧ ᠨᠠᠢᠮᠠᠨ ᠦᠵᠡᠮᠵᠢ᠂ ᠬᠤᠶᠢᠲᠤ ᠡᠭᠦᠳᠡᠨ ᠤ ᠳᠤᠷᠠᠰᠤᠮᠵᠢ︾ ᠪᠠᠷ ᠭᠤᠣᠯ ᠰᠡᠳᠦᠪ ᠪᠣᠯᠭᠠᠵᠤ᠂ ᠬᠠᠭᠤᠴᠢᠨ | ᠬᠤᠲᠠ ᠶᠢᠨ ᠬᠤᠶᠢᠲᠤ ᠡᠭᠦᠳᠡᠨ ᠤ ᠪᠠᠭᠤᠷᠢ ᠶᠢᠨ ᠴᠡᠴᠡᠷᠯᠢᠭ᠂ ᠴᠢᠩ ᠺᠠᠢ ᠬᠥᠭᠦᠷᠭᠡ ᠶᠢᠨ ᠬᠡᠰᠡᠭ ᠣᠷᠣᠨ ᠢ | ᠥᠭᠡᠷᠡᠴᠢᠯᠡᠨ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ | ᠭᠤᠶᠤᠴᠢᠯᠠᠨ ᠮᠡᠳᠡᠭᠦᠯᠦᠨ᠎ᠡ᠃ ᠤᠰᠤᠲᠤ ᠤᠯᠤᠰ ᠤᠨ ᠤᠢ ᠰᠢᠭᠤᠢ ᠶᠢᠨ ᠴᠡᠴᠡᠷᠯᠢᠭ᠂ ᠢᠦᠢ ᠱᠧᠩ ᠯᠧ ᠭᠦ᠋ ᠹᠧᠩ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ 3A ᠲᠡᠰ ᠤᠨ ᠵᠤᠭᠠᠴᠠᠯ ᠤᠨ | ᠦᠵᠡᠮᠵᠢ ᠶᠢᠨ ᠣᠷᠣᠨ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠢᠤᠰᠢᠡ ᠪᠠᠯᠭᠠᠰᠤ ᠪᠣᠯᠣᠨ ᠳ᠋ᠤᠸᠠᠨ ᠵᠢᠶᠠ | ᠶᠣᠣ ᠲᠣᠰᠬᠤᠨ ᠤ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠪᠠᠯᠭᠠᠰᠤ | ᠲᠣᠰᠬᠤᠨ ᠢ ᠴᠢᠷᠮᠠᠶᠢᠨ ᠪᠠᠶᠢᠭᠤᠯᠤᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ 8 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠵᠠᠢ ᠶᠢ ᠠᠮᠢᠯᠠᠭᠤᠯᠵᠤ᠂ | ᠲᠦᠩ ᠷᠧᠨ ᠲᠠᠩ᠂ ᠬᠤᠸᠠ ᠷᠦᠨ ᠵᠡᠷᠭᠡ ᠠᠵᠤ ᠠᠬᠤᠶᠢᠯᠠᠯ ᠤᠨ ᠶᠡᠷᠦᠩᠬᠡᠢ ᠵᠠᠬᠢᠷᠭ᠎ᠠ ᠶᠢ ᠨᠠᠶᠢᠳᠠᠪᠤᠷᠢᠵᠢᠭᠤᠯᠤᠨ᠂ | ᡁᠢ ᠬᠤᠶ ᠲᠤᠷᠰᠢᠯᠲᠠ ᠶᠢᠨ ᠲᠠᠰᠤᠭ ᠪᠠ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠲᠥᠪ ᠢ ᠣᠷᠣᠭᠤᠯᠤᠨ | ᠠᠪᠴᠢᠷᠠᠵᠤ᠂ ᠳᠡᠭᠡᠳᠦ ᠲᠠᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠲᠥᠪᠯᠡᠷᠡᠯ ᠢ ᠲᠠᠲᠠᠵᠤ ᠪᠠᠶᠢᠨ᠎ᠠ᠃ | ᠦᠢᠯᠡᠳᠪᠦᠷᠢ ᠶᠢᠨ ᠭᠡᠷ ᠪᠠᠶᠢᠰᠢᠩ ᠢ ᠡᠮᠬᠢᠯᠡᠨ ᠨᠡᠶᠢᠯᠡᠭᠦᠯᠵᠦ᠂ AGV ᠮᠠᠰᠢᠨ ᠬᠥᠮᠥᠨ ᠤᠭᠰᠠᠷᠠᠬᠤ ᠲᠥᠪ᠂ ᠥᠪᠥᠷ | ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠡᠷᠡᠯ ᠴᠡᠨᠡᠭ ᠤᠨ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠤᠨᠲᠤ ᠰᠤᠷᠭᠠᠭᠤᠯᠢ ᠶᠢᠨ ᠬᠦᠷᠢᠶᠡᠨ ᠤ ᠲᠥᠷᠥᠯ ᠵᠦᠢᠯ ᠢ | ᠪᠦᠲᠦᠭᠡᠨ ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠢ ᠱᠠᠲᠤᠴᠢᠯᠠᠨ ᠪᠣᠶᠢᠵᠢᠭᠤᠯᠬᠤ ᠶᠢ ᠬᠡᠷᠡᠭᠵᠢᠭᠦᠯᠵᠦ᠂ | ᠠᠰᠧᠲ᠂ ᠴᠧᠨ ᠭᠤᠸᠠᠩ ᠠᠮᠤ ᠲᠣᠰᠣᠨ ᠤ ᠬᠡᠪᠴᠢᠶᠡᠵᠢᠯ ᠢ ᠳᠡᠭᠡᠭᠰᠢᠯᠡᠭᠦᠯᠦᠨ ᠨᠢᠭᠡᠳᠬᠡᠬᠦ ᠳᠤ ᠣᠷᠣᠭᠤᠯᠬᠤ ᠶᠢ | ᠠᠬᠢᠭᠤᠯᠵᠤ᠂ ᠵᠢᠶᠤᠸᠠᠨ ᠤ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 6 ᠠᠵᠤ ᠠᠬᠤᠶᠢᠯᠠᠯ ᠢ ᠤᠯᠤᠰ ᠤᠨ | ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠵᠦ᠂ ᠶᠦᠨ ᡁᠢ ᠳᠡᠭᠡᠳᠦ | ᠰᠢᠨᠵᠢᠯᠡᠭᠡ ᠮᠡᠷᠭᠡᠵᠢᠯ ᠵᠡᠷᠭᠡ 30 ᠠᠵᠤ ᠠᠬᠤᠶᠢᠯᠠᠯ ᠢ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠵᠦ᠂ ᠨᠠ ᠱᠦᠨ᠂ ᠳ᠋ᠦᠩ ᠹᠠᠩ | ᠬᠦᠴᠦᠳᠡᠯ ᠥᠭᠡᠷᠡᠴᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ | ᠬᠡᠷᠡᠭᠯᠡᠭᠡ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ︽ᠬᠤᠶᠠᠷ ᠰᠢᠨ᠎ᠡ︾ ᠶᠢᠨ | ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠰᠢᠨ ᠲᠡᠷᠭᠡ᠂ ᠭᠡᠷ ᠤᠨ ᠬᠡᠷᠡᠭᠰᠡᠯ᠂ ᠭᠡᠷ ᠤᠨ | ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ | ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠲᠣᠭᠤᠷᠢᠭ ᠲᠤ ᠲᠦᠰᠢᠭᠯᠡᠨ ᠭᠠᠷ ᠳᠠᠮᠵᠢᠭᠰᠠᠨ ᠮᠠᠰᠢᠨ ᠲᠡᠷᠭᠡᠨ ᠤ ᠮᠡᠳᠡᠭᠡ | ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠷ ᠳᠠᠮᠵᠢᠭᠰᠠᠨ ᠮᠠᠰᠢᠨ | ᠲᠡᠷᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠡᠭᠦᠳᠦᠨ ᠪᠠᠶᠢᠭᠤᠯᠤᠶ᠎ᠠ᠃ ᠬᠤᠸᠠ ᠸᠧᠢ ᠬᠤᠩ ᠮᠧᠩ | ᠮᠠᠰᠢᠨ ᠲᠡᠷᠭᠡ ᠵᠡᠷᠭᠡ 11 ᠨᠡᠷᠡᠲᠦ ᠲᠡᠮᠳᠡᠭᠲᠦ ᠶᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠳᠡᠯᠭᠡᠭᠦᠷ ᠲᠤ | ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠠᠷᠠᠳ ᠲᠤ ᠠᠰᠢᠭ ᠬᠦᠷᠲᠡᠭᠡᠬᠦ ᠪᠠᠶᠠᠷ ᠬᠥᠷ ᠲᠠᠢ ᠬᠤᠳᠠᠯᠳᠤᠨ ᠠᠪᠬᠤ | ᠨᠠᠶᠢᠷ᠂ ᠮᠠᠰᠢᠨ ᠲᠡᠷᠭᠡᠨ ᠤ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠪᠣᠷᠤᠯᠠᠭᠤᠯᠭ᠎ᠠ ᠶᠢ ᠠᠬᠢᠭᠤᠯᠬᠤ | ᠠᠵᠢᠯᠯᠠᠭ᠎ᠠ ᠶᠢ ᠥᠷᠨᠢᠭᠦᠯᠵᠦ᠂ ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠤᠨ ᠤᠯᠤᠰ ᠤᠨ | ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠳᠤ ᠮᠡᠳᠡᠭᠦᠯᠬᠦ ᠶᠢ | ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠣᠯᠠᠨ ᠡᠰᠢᠵᠢᠭᠰᠡᠨ | ᠬᠡᠷᠡᠭᠯᠡᠭᠡᠨ ᠤ ᠪᠠᠶᠢᠳᠠᠯ ᠢ ᠰᠢᠨ᠎ᠡ ᠪᠠᠷ ᠡᠭᠦᠳᠴᠦ᠂ ᠠᠵᠤ ᠠᠬᠤᠢ᠂ ᠮᠥᠰᠥ ᠴᠠᠰᠤᠨ ᠤ ᠠᠵᠤ ᠠᠬᠤᠢ᠂ ᠮᠥᠩᠭᠦᠨ | ᠭᠦᠢᠯᠭᠡᠭᠡᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠬᠦᠢᠯᠡᠰᠦᠨ ᠴᠡᠴᠡᠭ ᠤᠨ ᠨᠠᠶᠢᠷ᠂ ᠲᠡᠭᠦᠬᠦ ᠪᠠᠶᠠᠷ᠂ | ᠮᠥᠰᠥ ᠴᠠᠰᠤᠨ ᠤ ᠨᠠᠶᠢᠷ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠎ᠡ᠃ | ︵ᠭᠤᠷᠪᠠ︶ᠣᠷᠴᠢᠨ ᠲᠣᠭᠤᠷᠢᠨ ᠰᠢᠯᠢᠳᠡᠭ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠰ ᠤᠨ | ᠬᠠᠶᠢᠷ᠎ᠠ ᠰᠡᠳᠬᠢᠯᠭᠡ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠲᠣᠭᠤᠷᠢᠭ ᠢ ᠪᠦᠲᠦᠭᠡᠨ | ᠪᠠᠶᠢᠭᠤᠯᠤᠨ᠎ᠠ | ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ︾ | ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠬᠥᠮᠥᠨ ᠢᠶᠠᠷ ᠦᠨᠳᠦᠰᠦ ᠪᠣᠯᠭᠠᠵᠤ ᠬᠤᠲᠠ ᠶᠢᠨ ᠰᠢᠨᠡᠴᠢᠯᠡᠯᠲᠡ ᠶᠢ ᠲᠦᠷᠭᠡᠳᠭᠡᠨ᠎ᠡ᠃ | ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠬᠤᠲᠣᠩ ᠠᠷᠠᠳ ᠤᠨ ᠲᠣᠭᠤᠷᠢᠭ ᠤᠨ ᠲᠥᠪ | ᠬᠤᠲᠠ ᠲᠣᠭᠤᠷᠢᠭ ᠤᠨ ᠭᠠᠳᠠᠭᠠᠳᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ︾ ᠵᠡᠷᠭᠡ 4 ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠪᠡ᠃ ᠵᠣᠷᠢᠭᠲᠠᠢ ᠪᠠᠷ | ︽ᠬᠦᠴᠢᠷ ᠠᠰᠠᠭᠤᠳᠠᠯ︾ ᠢ ᠰᠢᠢᠳᠪᠦᠷᠢᠯᠡᠬᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠤᠯᠠᠨ ᠲᠦᠮᠡᠨ ᠢ | ᠵᠣᠪᠠᠭᠠᠵᠤ ᠪᠠᠶᠢᠭ᠎ᠠ ᠤᠯᠠᠨ ᠵᠢᠯ ᠤᠨ ᠲᠡᠦᠬᠡ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠰᠢᠷ᠎ᠠ | ᠡᠭᠦᠳᠡᠨ ᠤ ᠬᠤᠲᠠ ᠳᠣᠲᠣᠷᠠᠬᠢ ᠲᠣᠰᠬᠤᠨ ᠢ ᠥᠭᠡᠷᠡᠴᠢᠯᠡᠨ ᠰᠠᠶᠢᠵᠢᠷᠠᠭᠤᠯᠬᠤ ᠶᠢ ᠬᠡᠰᠡᠭ ᠬᠤᠪᠢᠶᠠᠨ ᠠᠬᠢᠭᠤᠯᠵᠤ᠂ | ︽ᠠᠭᠤᠯᠵᠢᠭᠤᠷ ᠡᠷᠦᠬᠡ︾ ︽ᠵᠠᠬ᠎ᠠ ᠭᠠᠵᠠᠷ︾ ᠶᠢ ᠥᠭᠡᠷᠡᠴᠢᠯᠡᠨ ᠰᠠᠶᠢᠵᠢᠷᠠᠭᠤᠯᠬᠤ ᠲᠦᠷᠦ ᠶᠢᠨ ᠪᠣᠳᠣᠯᠭ᠎ᠠ ᠶᠢ | ᠢᠳᠡᠪᠬᠢᠲᠡᠢ ᠴᠢᠷᠮᠠᠶᠢᠨ ᠣᠯᠵᠤ᠂ ᠳ᠋ᠠᠴᠢᠩ ᠵᠠᠮ ᠤᠨ ᠳᠠᠮᠫᠤᠷᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠠᠶᠢᠷᠢ ᠶᠢᠨ ᠠᠰᠠᠷ ᠤᠨ ᠤᠭ ᠪᠠᠶᠢᠷᠢ ᠶᠢ ᠳᠠᠬᠢᠨ ᠪᠠᠶᠢᠭᠤᠯᠵᠤ᠂ ᠱᠦᠢ ᠮᠥᠸᠧ ᠵᠡᠭᠡᠯᠢ ᠶᠢᠨ ᠪᠠᠶᠢᠰᠢᠩ ᠭᠡᠷ ᠤᠨ | ᠲᠣᠭᠤᠷᠢᠭ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠠᠭᠤᠴᠢᠨ ᠰᠠᠭᠤᠭᠠᠯᠢ ᠲᠣᠭᠤᠷᠢᠭ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠣᠭᠲᠠᠴᠠ ᠶᠢ ᠬᠠᠶᠢᠨ ᠰᠦᠪᠡᠭᠴᠢᠯᠡᠵᠦ᠂ 50 ᠬᠠᠭᠤᠴᠢᠨ ᠰᠠᠭᠤᠭᠠᠯᠢ | ᠲᠣᠭᠤᠷᠢᠭ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠨ ᠪᠠᠶᠢᠭᠤᠯᠤᠨ᠎ᠠ᠃ ᠬᠥᠬᠡᠬᠤᠲᠠ ᠶᠢᠨ ᠪᠣᠯᠣᠳ ᠲᠡᠮᠦᠷ ᠤᠨ | ᠬᠡᠰᠡᠭ ᠲᠣᠭᠤᠷᠢᠭ᠂ ᠭᠤᠣᠯ ᠳᠠᠭᠠᠤ ᠬᠡᠰᠡᠭ ᠲᠣᠭᠤᠷᠢᠭ ᠤᠨ ᠭᠠᠵᠠᠷ ᠳᠣᠣᠷᠠᠬᠢ ᠬᠤᠭᠤᠯᠠᠢ ᠲᠣᠣᠷ ᠲᠤ | ᠶᠡᠷᠦᠩᠬᠡᠶᠢᠯᠡᠭᠰᠡᠨ ᠥᠭᠡᠷᠡᠴᠢᠯᠡᠯᠲᠡ ᠬᠢᠵᠦ᠂ ᠣᠯᠠᠨ ᠲᠦᠮᠡᠨ ᠤ ᠤᠷᠠᠯᠢᠭ ᠤᠨ ᠣᠷᠳᠣᠨ ᠤ ᠪᠠᠷᠠᠭᠤᠨ ᠭᠤᠳᠤᠮᠵᠢ | ᠵᠡᠷᠭᠡ 6 ᠵᠤᠷᠪᠤᠰ ᠲᠠᠰᠤᠷᠬᠠᠢ ᠵᠠᠮ ᠢ ᠨᠡᠪᠲᠡᠷᠡᠭᠦᠯᠪᠡ᠃ 62 ᠭᠤᠣᠯ ᠪᠠ ᠳᠡᠳ᠋ ᠵᠠᠮ ᠱᠤᠭᠤᠮ ᠤᠨ | ᠨᠣᠭᠤᠭᠠᠷᠠᠭᠤᠯᠤᠯᠲᠠ ᠶᠢ ᠨᠥᠬᠦᠵᠦ ᠳᠠᠷᠢᠬᠤ ᠶᠢ ᠪᠡᠶᠡᠯᠡᠭᠦᠯᠵᠦ᠂ 40 ᠬᠠᠷᠮᠠᠨ ᠴᠡᠴᠡᠷᠯᠢᠭ᠂ 25 ᠺᠢᠯᠣᠮᠧᠲᠷ ᠤᠨ | ᠬᠤᠲᠠ ᠶᠢᠨ ᠨᠣᠭᠤᠭᠠᠨ ᠵᠠᠮ ᠢ ᠬᠠᠮᠠᠭᠠᠯᠠᠨ ᠳᠡᠭᠡᠭᠰᠢᠯᠡᠭᠦᠯᠪᠡ᠃ ᠮᠧᠩ ᠯᠢᠶᠠᠩ ᠤᠨ 110 ᠺᠢᠯᠣᠸᠠᠲ ᠤᠨ ᠬᠦᠴᠦᠳᠡᠯ | ᠥᠭᠡᠷᠡᠴᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠪᠠ᠃ | ᠨᠠᠷᠢᠯᠢᠭ ᠬᠠᠮᠢᠶᠠᠷᠤᠯᠲᠠ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠣᠯᠠᠨ ᠲᠦᠮᠡᠨ ᠤ ᠠᠩᠬᠠᠷᠴᠤ | ᠪᠠᠶᠢᠭ᠎ᠠ ᠵᠠᠮ ᠠᠴᠠ ᠲᠡᠭᠰᠢ ᠪᠤᠰᠤ᠂ ᠲᠡᠷᠭᠡ ᠵᠣᠭᠰᠣᠬᠤ ᠲᠠᠯ᠎ᠠ ᠨᠢ ᠳᠥᠭᠦᠮ ᠦᠭᠡᠢ᠂ ᠠᠮᠢᠳᠤᠷᠠᠯ ᠳᠥᠭᠦᠮ ᠦᠭᠡᠢ | ᠵᠡᠷᠭᠡ ᠲᠠᠯ᠎ᠠ ᠠᠴᠠ ᠭᠠᠷᠳᠠᠵᠤ᠂ ᠨᠠᠩ ᠬᠠᠶᠢᠷ᠎ᠠ ᠰᠡᠳᠬᠢᠯᠭᠡ ᠲᠠᠢ ᠬᠤᠲᠠ ᠶᠢᠨ ᠲᠣᠭᠤᠷᠢᠭ ᠤᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠵᠠᠰᠠᠭ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠥᠷᠨᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠥᠪᠡᠷ ᠤᠨ | ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠴᠡᠴᠡᠷᠯᠢᠭ ᠤᠨ ᠵᠦᠯᠭᠡ ᠭᠠᠵᠠᠷ ᠢ ᠥᠪᠡᠷ ᠤᠨ | ᠥᠷᠲᠡᠭ ᠢᠶᠠᠷ ᠳᠣᠣᠷ᠎ᠠ ᠠᠵᠢᠯᠯᠠᠭᠤᠯᠤᠨ ᠠᠷᠠᠴᠢᠯᠠᠨ ᠬᠠᠮᠠᠭᠠᠯᠠᠬᠤ᠂ ᠬᠤᠲᠠ ᠶᠢᠨ ᠰᠠᠭᠤᠷᠢ ᠪᠡᠯᠡᠳᠬᠡᠮᠵᠢ ᠶᠢ ᠴᠠᠭ | ᠲᠤᠬᠠᠢ ᠳᠤᠨᠢ ᠬᠠᠮᠠᠭᠠᠯᠠᠨ ᠰᠢᠨᠡᠳᠬᠡᠬᠦ ᠶᠢ ᠪᠡᠶᠡᠯᠡᠭᠦᠯᠦᠨ᠎ᠡ᠃ ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ 4 ᠲᠥᠷᠥᠯ ᠵᠦᠢᠯ ᠢ ᠬᠡᠷᠡᠭᠵᠢᠭᠦᠯᠵᠦ᠂ ᠣᠶᠤᠨᠴᠢᠯᠠᠭᠰᠠᠨ ᠲᠡᠷᠭᠡᠨ | ᠵᠣᠭᠰᠣᠭᠠᠯ ᠢ 2000 ᠰᠢᠨ᠎ᠡ ᠪᠠᠷ ᠨᠡᠮᠡᠭᠳᠡᠭᠦᠯᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢ 1200 ᠨᠡᠮᠡᠵᠦ | ᠪᠠᠶᠢᠭᠤᠯᠤᠨ᠎ᠠ᠃ ᠠᠷᠠᠳ ᠲᠤ ᠳᠥᠭᠦᠮ ᠦᠵᠡᠭᠦᠯᠬᠦ 3 ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠪᠠᠶᠠᠨᠰᠢᠭᠤᠢ | ᠨᠡᠶᠢᠭᠡᠮ ᠲᠣᠭᠤᠷᠢᠭ ᠤᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠢ | ᠪᠠᠶᠢᠭᠤᠯᠤᠨ᠎ᠠ᠃ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠦᠬᠦ ᠲᠠᠯ᠎ᠠ ᠪᠠᠷ | ᠬᠥᠬᠡᠬᠤᠲᠠ ᠶᠢᠨ︽ᠬᠤᠲᠠ ᠶᠢᠨ ᠶᠡᠭᠡ ᠲᠠᠷᠢᠬᠢ︾ ᠳᠤ ᠵᠠᠯᠭᠠᠬᠤ ᠶᠢ ᠠᠬᠢᠭᠤᠯᠤᠶ᠎ᠠ᠃ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠬᠤᠲᠠ ᠶᠢᠨ ᠲᠣᠭᠤᠷᠢᠭ ᠤᠨ ᠳᠦᠷᠢ ᠲᠥᠷᠬᠦ ᠪᠠ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠪᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠢ ᠵᠢᠶᠠᠨ ᠹᠠᠩ ᠲᠣᠰᠬᠤᠨ᠂ ᠦᠯᠦ ᠬᠠᠯᠳᠠᠭᠠᠬᠤ | ᠲᠣᠰᠬᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠠᠶᠢᠯᠠᠰᠤᠨ ᠬᠠᠪᠲᠠᠰᠤ ᠠᠴᠠ | ᠵᠢᠩ ᠡᠯ ᠯᠢᠶᠠᠩ ᠵᠠᠰᠠᠮᠠᠯ ᠵᠠᠮ ᠵᠡᠷᠭᠡ 4 ᠵᠠᠮ ᠢ ᠠᠷᠠᠴᠢᠯᠠᠨ ᠬᠠᠮᠠᠭᠠᠯᠠᠵᠤ ᠳᠡᠭᠡᠭᠰᠢᠯᠡᠭᠦᠯᠦᠨ᠂ ᠬᠤᠶᠠᠳᠤᠭᠠᠷ | ᠭᠠᠷᠠ ᠠᠴᠠ ᠭᠠᠳᠠᠨᠠᠬᠢ 8 ᠵᠢᠵᠢᠭ ᠲᠣᠭᠤᠷᠢᠭ ᠢ ᠬᠤᠲᠠ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠲᠤ | ᠣᠷᠣᠭᠤᠯᠬᠤ ᠶᠢ ᠠᠬᠢᠭᠤᠯᠤᠨ᠎ᠠ᠃ ᠨᠢᠭᠡ ᠪᠦᠯᠦᠭ ᠴᠢᠨᠠᠷ ᠰᠠᠶᠢᠲᠠᠢ ᠲᠠᠷᠢᠶᠠᠯᠠᠩ ᠰᠣᠶᠣᠯ ᠵᠢᠭᠤᠯᠴᠢᠯᠠᠯ ᠤᠨ ᠲᠥᠷᠥᠯ | ᠵᠦᠢᠯ ᠢ ᠠᠬᠢᠭᠤᠯᠵᠤ᠂ ᠲᠤᠭ᠎ᠠ ᠣᠶᠤᠨᠲᠤ ᠤᠷᠭᠤᠮᠠᠯ ᠤᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠬᠡᠷᠡᠭᠵᠢᠭᠦᠯᠵᠦ᠂ ᠦᠢᠯᠡᠳᠪᠦᠷᠢᠯᠡᠯ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠰᠤᠷᠭᠠᠭᠤᠯᠢ | ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠠᠷᠢᠶᠠᠯᠠᠩ ᠤᠨ ᠬᠥᠭᠵᠢᠯᠲᠡ ᠳᠤ ᠡᠨᠧᠷᠭᠢ ᠣᠯᠭᠤᠵᠤ᠂ ᠵᠢᠮᠢᠰ ᠤᠨ ᠮᠣᠳᠣᠨ ᠤ ᠬᠥᠯᠳᠡᠭᠡᠬᠦ ᠶᠢ | ᠡᠰᠡᠷᠭᠦᠴᠡᠬᠦ ᠰᠡᠳᠦᠪ ᠢ ᠰᠢᠪᠲᠤᠯᠵᠤ᠂ ᠵᠢᠮᠢᠰ ᠤᠨ ᠮᠣᠳᠣᠨ ᠤ ᠪᠣᠯᠪᠠᠰᠤᠷᠠᠩᠭᠤᠢ ᠪᠣᠯᠬᠤ ᠬᠤᠭᠤᠴᠠᠭ᠎ᠠ ᠶᠢ | ᠤᠷᠲᠤᠳᠬᠠᠵᠤ᠂ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠣᠶ ᠵᠢᠮᠢᠰ ᠤᠨ ᠠᠵᠤ ᠦᠢᠯᠡᠰ ᠢ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ︽ᠰᠢᠩ ᠹᠦ᠋ ᠱᠤ᠋ ᠰᠢᠶᠠ︾ ᠨᠠᠷᠠᠲᠤ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠥᠷᠭᠡᠳᠬᠡᠨ᠎ᠡ᠃ | ᠠᠮᠢ ᠠᠬᠤᠢ ᠤᠷᠢᠳᠠᠪᠠᠷ ᠴᠡᠩᠭᠡᠭ ᠤᠰᠤ ᠴᠡᠯᠡᠭᠡᠷ ᠠᠭᠤᠯᠠ ᠴᠡᠩᠭᠡᠭ ᠤᠰᠤ ᠶᠢ ᠭᠤᠶᠣᠯᠠᠨ᠎ᠠ᠃ ᠬᠥᠬᠡ | ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ | ᠠᠬᠢᠭᠤᠯᠵᠤ᠂ 33 ᠲᠡᠦᠬᠡ ᠶᠢᠨ ᠦᠯᠡᠳᠡᠭᠳᠡᠯ ᠠᠭᠤᠷᠬᠠᠢ ᠶᠢᠨ ᠵᠢᠷᠤᠭ ᠢ ᠵᠠᠰᠠᠨ ᠰᠡᠷᠭᠦᠭᠡᠬᠦ ᠶᠢ ᠲᠦᠷᠭᠡᠳᠬᠡᠨ᠎ᠡ᠃ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠵᠦ᠂ ᠲᠦᠯᠡᠰᠢᠨ | ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ | PM2.5 ᠪᠣᠯᠣᠨ ᠣᠽᠣᠨ ᠤ ᠬᠠᠮᠵᠢᠯᠴᠠᠨ ᠵᠠᠰᠠᠬᠤ ᠶᠢ ᠠᠬᠢᠭᠤᠯᠤᠨ᠎ᠠ᠃ ︽ᠤᠢ ᠰᠢᠭᠤᠢ ᠶᠢᠨ ᠳᠠᠷᠤᠭ᠎ᠠ ᠶᠢᠨ | ᠳᠦᠷᠢᠮ︾᠂ ︽ᠭᠤᠣᠯ ᠤᠨ ᠳᠠᠷᠤᠭ᠎ᠠ ᠶᠢᠨ ᠳᠦᠷᠢᠮ︾ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠦᠷᠭᠦᠯᠵᠢᠯᠡᠨ ᠬᠠᠮᠢᠶᠠᠷᠴᠤ ᠬᠠᠮᠠᠭᠠᠯᠠᠬᠤ | ᠨᠥᠬᠦᠵᠦ ᠲᠠᠷᠢᠬᠤ ᠠᠵᠢᠯ ᠢ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭ᠎ᠠ | ᠨᠠᠶᠢᠳᠠᠪᠤᠷᠢᠵᠢᠭᠤᠯᠵᠤ᠂ ︽ᠬᠤᠶᠠᠷ ᠭᠤᠣᠯ ᠨᠢᠭᠡ ᠬᠥᠮᠥᠷᠭᠡ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ | ᠢᠨᠵᠧᠨᠧᠷᠢᠩ ᠢ ᠠᠬᠢᠭᠤᠯᠵᠤ᠂ ᠪᠣᠷᠣᠭᠠᠨ ᠤ ᠤᠰᠤ ᠬᠤᠯᠢᠯᠳᠤᠨ ᠤᠷᠤᠰᠬᠤ ᠠᠰᠠᠭᠤᠳᠠᠯ ᠢ ᠪᠦᠬᠦ ᠲᠠᠯ᠎ᠠ ᠪᠠᠷ | ᠴᠡᠭᠴᠡᠯᠡᠨ ᠵᠠᠰᠠᠨ᠎ᠠ᠃ ︽ᠤᠰᠤ ᠠᠷᠪᠢᠯᠠᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ | ᠠᠷᠪᠢᠯᠠᠨ ᠠᠰᠢᠭᠯᠠᠬᠤ ᠶᠢ ᠴᠢᠩᠭᠠᠳᠬᠠᠨ᠂ ᠲᠠᠷᠢᠶᠠᠯᠠᠩ ᠤᠨ ᠤᠰᠤᠯᠠᠯᠲᠠ ᠶᠢᠨ ᠤᠰᠤ ᠠᠷᠪᠢᠯᠠᠬᠤ ᠠᠵᠢᠯ ᠢ ᠰᠠᠶᠢᠲᠤᠷ | ᠬᠢᠵᠦ᠂ ᠥᠪᠡᠷ ᠢᠶᠠᠨ ᠪᠡᠯᠡᠳᠬᠡᠭᠰᠡᠨ ᠬᠤᠳᠳᠤᠭ ᠢ ᠴᠡᠪᠡᠷᠯᠡᠨ ᠴᠡᠭᠴᠡᠯᠡᠬᠦ ᠪᠠᠨ ᠲᠦᠷᠭᠡᠳᠬᠡᠬᠦ ᠬᠡᠷᠡᠭᠲᠡᠢ᠃ | ︽ᠬᠠᠶᠠᠭᠳᠠᠮᠠᠯ ᠪᠣᠳᠠᠰ ᠦᠭᠡᠢ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠤᠯᠤᠰ ᠤᠨ ᠲᠠᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ | ︵ᠳᠥᠷᠪᠡ︶ᠠᠷᠠᠳ ᠤᠨ ᠠᠮᠢᠳᠤᠷᠠᠯ ᠢ ᠰᠢᠯᠢᠳᠡᠭᠵᠢᠭᠦᠯᠬᠦ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ | ᠲᠡᠮᠡᠴᠡᠬᠦ ᠬᠠᠷᠠᠯᠲᠠ ᠮᠥᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠨᠠᠷ ᠰᠠᠶᠢᠲᠠᠢ ᠪᠡᠶᠡᠯᠡᠭᠦᠯᠵᠦ᠂ | ᠬᠥᠭᠵᠢᠯᠲᠡ ᠶᠢ ᠨᠡᠩ ᠬᠠᠯᠠᠭᠤᠨ ᠳᠤᠯᠠᠭᠠᠨ᠂ ᠵᠣᠯ ᠵᠢᠷᠭᠠᠯ ᠢ ᠨᠡᠩ ᠴᠢᠨᠠᠷ ᠰᠠᠶᠢᠲᠠᠢ ᠪᠣᠯᠭᠠᠬᠤ ᠶᠠᠪᠤᠳᠠᠯ ᠪᠣᠯᠣᠨ᠎ᠠ᠃ | ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠃ ︽ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ︾ ᠪᠠ ᠣᠷᠣᠨ ᠤ ᠲᠥᠪ ᠬᠤᠲᠠ ᠶᠢᠨ ︽ᠭᠤᠷᠪᠠᠨ ᠵᠢᠯ ᠤᠨ ᠠᠷᠪᠠᠨ ᠲᠠᠪᠤᠨ ᠲᠦᠮᠡᠨ ᠵᠠᠯᠠᠭᠤᠴᠤᠳ | ᠬᠥᠬᠡᠬᠤᠲᠠ ᠳᠤ ᠦᠯᠡᠳᠡᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠳᠤ 7300 ᠬᠥᠮᠥᠨ ᠳᠤ | ᠰᠢᠨ᠎ᠡ ᠪᠠᠷ ᠠᠵᠢᠯ ᠣᠯᠭᠤᠵᠤ᠂ 2200 ᠬᠥᠮᠥᠨ ᠤᠳᠠᠭ᠎ᠠ ᠠᠵᠢᠯ ᠣᠯᠭᠤᠵᠤ᠂ 6000 ᠣᠶᠤᠲᠠᠨ ᠢ | ᠰᠠᠭᠤᠷᠢᠰᠢᠭᠤᠯᠵᠤ᠂ ᠨᠠᠩ ᠣᠯᠠᠨ ᠵᠠᠯᠠᠭᠤᠴᠤᠳ ᠢ ᠬᠤᠲᠣᠩ ᠠᠷᠠᠳ ᠤᠨ ᠲᠣᠭᠤᠷᠢᠭ ᠲᠤ ᠦᠯᠡᠳᠡᠭᠡᠨ᠎ᠡ᠃ ᠣᠷᠣᠯᠭ᠎ᠠ | ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠦᠨᠳᠦᠰᠦᠨ ᠨᠠᠰᠤᠵᠢᠯ ᠤᠨ | ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠳᠤ | ᠨᠠᠶᠢᠳᠠᠵᠤ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠠᠵᠢᠯᠯᠠᠭᠤᠯᠤᠨ ᠬᠠᠮᠢᠶᠠᠷᠤᠭᠤᠯᠵᠤ᠂ | ᠰᠢᠩᠭᠡᠭᠡᠯᠲᠡ ᠶᠢᠨ ᠲᠤᠰᠬᠠᠢ ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠵᠤ᠂ ᠨᠢᠭᠡ ᠪᠦᠯᠦᠭ ᠬᠤᠶᠠᠳᠤᠭᠠᠷ ᠲᠠᠰ ᠤᠨ | ᠣᠨᠣᠰᠢᠯᠠᠨ ᠡᠮᠨᠡᠬᠦ ᠰᠢᠨᠵᠢᠯᠡᠭᠡᠨ ᠢ ᠪᠠᠶᠢᠭᠤᠯᠤᠨ᠎ᠠ᠃ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ | ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠬᠠᠶᠢᠯᠠᠷ ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠲᠦᠰᠢᠭᠯᠡᠨ ᠬᠤᠲᠣᠩ ᠠᠷᠠᠳ ᠤᠨ ᠲᠣᠭᠤᠷᠢᠭ ᠤᠨ ᠬᠢᠲᠠᠳ ᠡᠮᠨᠡᠯᠭᠡ ᠶᠢᠨ | ᠬᠤᠷᠢᠶ᠎ᠠ ᠶᠢ ᠪᠦᠲᠦᠭᠡᠨ ᠪᠠᠶᠢᠭᠤᠯᠤᠨ᠎ᠠ᠃ ︽ᠳᠥᠷᠪᠡᠨ ᠨᠢᠭᠡ︾ ᠶᠢᠨ ᠦᠢᠯᠡᠴᠢᠯᠡᠭᠡᠨ ᠤ ᠲᠣᠭᠲᠠᠴᠠ ᠶᠢ ᠬᠠᠶᠢᠨ | ᠰᠦᠪᠡᠭᠴᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠣᠯᠠᠨ ᠲᠦᠮᠡᠨ ᠤ | ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠡᠪᠡᠳᠴᠢᠯᠡᠪᠡᠯ ᠰᠠᠶᠢᠨ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ | ᠥᠲᠡᠯᠪᠡᠯ ᠠᠰᠠᠷᠠᠮᠵᠢ ᠲᠠᠢ ᠪᠠᠶᠢᠬᠤ ᠶᠢ ᠦᠨᠡᠨ ᠪᠤᠲᠠᠲᠠᠢ ᠪᠠᠲᠤᠯᠠᠬᠤ ᠬᠡᠷᠡᠭᠲᠡᠢ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠶᠢᠰᠦᠨ ᠵᠢᠯ ᠤᠨ | ᠳᠦᠷᠢᠮᠲᠦ ᠪᠠᠶᠢᠭ᠎ᠠ ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠣᠨᠴᠠᠯᠢᠭᠲᠤ ᠲᠤᠷᠰᠢᠯᠲᠠ ᠶᠢᠨ | ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ᠎ᠠ᠃ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠶᠢᠨ ᠲᠢ ᠵᠢᠦ ᠶᠦᠨ | ᠬᠤᠸᠠ ᠬᠤᠪᠢᠶᠠᠷᠢ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠵᠡᠭᠦᠨ ᠤᠰᠤᠲᠤ ᠪᠠᠭ᠎ᠠ | ᠰᠤᠷᠭᠠᠭᠤᠯᠢ᠂ ᠬᠤᠯᠪᠣᠭᠳᠠᠬᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ 140 | ᠰᠢᠯᠢᠳᠡᠭ ᠪᠠᠭᠰᠢ ᠶᠢ ᠡᠯᠰᠡᠨ ᠠᠪᠴᠢᠷᠠᠵᠤ᠂ ︽ᠠᠮᠵᠢᠯᠲᠠ ᠪᠦᠲᠦᠮᠵᠢ ᠶᠢᠨ ᠴᠠᠯᠢᠩ︾ ᠤᠨ ᠥᠭᠡᠷᠡᠴᠢᠯᠡᠯᠲᠡ ᠶᠢ | ᠲᠦᠷᠭᠡᠳᠬᠡᠨ ᠨᠠᠶᠢᠳᠠᠪᠤᠷᠢᠵᠢᠭᠤᠯᠵᠤ᠂ ︽ᠰᠤᠷᠤᠭᠴᠢ ᠪᠠᠷ ᠪᠠᠭᠰᠢ ᠶᠢ ᠲᠣᠭᠲᠠᠭᠠᠬᠤ︾ ᠡᠷᠭᠢᠯᠲᠡ ᠶᠢᠨ ᠳᠦᠷᠢᠮ ᠢ | ᠪᠠᠶᠢᠭᠤᠯᠪᠠ᠃ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠦᠬᠦ | ᠲᠠᠯ᠎ᠠ ᠪᠠᠷ ᠬᠦᠴᠦᠨ ᠦᠭᠡᠢ ᠪᠣᠯᠭᠠᠵᠤ᠂ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠦᠵᠡᠭᠦᠯᠬᠦ ᠵᠡᠷᠭᠡ ᠠᠯᠢ | ᠣᠯᠠᠨ︽ᠰᠥᠭᠡᠷᠭᠦ ᠪᠣᠱᠤᠭ᠎ᠠ︾ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠭᠠᠷᠭᠠᠬᠤ ᠬᠡᠷᠡᠭᠲᠡᠢ᠃ ᠥᠪᠥᠷ | ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠬᠤᠸᠠ ᠰᠤᠷᠭᠠᠭᠤᠯᠢ ᠶᠢᠨ | ᠲᠣᠭᠤᠷᠢᠭ ᠢ ᠠᠮᠢᠳᠤᠯᠢᠭᠵᠢᠭᠤᠯᠵᠤ ᠬᠤᠭᠤᠯᠠᠢ ᠤᠷᠤᠰᠬᠠᠯ ᠤᠨ ᠬᠡᠮᠵᠢᠶ᠎ᠡ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠤᠶ᠎ᠠ᠃ | ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠬᠤᠲᠠ ᠶᠢᠨ | ᠱᠤᠭᠤᠮᠠᠯᠴᠢᠳ ᠤᠨ ᠨᠡᠶᠢᠭᠡᠮᠯᠢᠭ ᠤᠨ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠤᠨ ᠰᠠᠭᠤᠷᠢᠨ ᠭᠠᠵᠠᠷ᠂ | ︽ᠣᠷᠣᠨ ᠵᠠᠢ ᠪᠠᠨ ᠪᠤᠴᠠᠭᠠᠬᠤ︾ ᠪᠦᠲᠦᠭᠡᠯᠴᠢ ᠰᠡᠳᠬᠢᠮᠵᠢ ᠶᠢᠨ ᠦᠵᠡᠭᠦᠯᠦᠯᠭᠡ ᠶᠢᠨ ᠲᠥᠪ᠂ ᠳᠤᠮᠳᠠᠳᠤ ᠤᠯᠤᠰ ᠤᠨ | ᠤᠷᠠᠨ ᠵᠢᠷᠤᠭ ᠤᠨ ᠣᠷᠳᠣᠨ ᠤ ᠪᠢᠴᠢᠬᠦ ᠰᠠᠭᠤᠷᠢᠨ ᠭᠠᠵᠠᠷ ᠲᠤ ᠲᠦᠰᠢᠭᠯᠡᠨ᠂ ᠤᠮᠠᠷᠠᠲᠤ ᠬᠢᠯᠢ ᠶᠢᠨ ᠰᠣᠶᠣᠯ ᠤᠨ | ᠭᠤᠣᠯ ᠰᠡᠳᠦᠪᠲᠦ ᠵᠣᠬᠢᠶᠠᠨ ᠪᠦᠲᠦᠭᠡᠬᠦ ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠪᠡ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠶᠢ 200 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠰᠣᠶᠣᠯ ᠤᠨ | ᠥᠪ ᠢ ᠬᠠᠮᠠᠭᠠᠯᠠᠨ ᠤᠯᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠥᠷᠪᠡᠳᠦᠭᠡᠷ ᠤᠳᠠᠭᠠᠨ ᠤ | ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠦᠷᠭᠦᠯᠵᠢᠯᠡᠨ ᠠᠬᠢᠭᠤᠯᠵᠤ᠂ | ᠺᠠᠲ᠋ᠣᠯᠢᠭ ᠱᠠᠰᠢᠨ ᠤ ᠳᠤᠭᠠᠩ᠂ ᠯᠠᠯᠤ ᠶᠢᠨ ᠰᠦᠮ᠎ᠡ ᠶᠢᠨ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ | ᠡᠬᠢᠯᠡᠭᠦᠯᠦᠨ᠎ᠡ᠃ ᠴᠡᠷᠢᠭ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠣᠯᠭᠤᠯᠲᠠ ᠶᠢ ᠤᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠢ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠠᠵᠢᠯᠴᠢᠨ ᠤ ᠡᠪᠯᠡᠯ | ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ︵ᠲᠠᠪᠤ︶ᠭᠤᠣᠯ ᠰᠢᠵᠢᠮ ᠤᠨ ᠵᠠᠰᠠᠯᠲᠠ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠵᠤ᠂ ᠨᠡᠶᠢᠭᠡᠮ ᠤᠨ | ᠪᠠᠶᠢᠭᠤᠯᠤᠯᠲᠠ ᠪᠠ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠪᠠᠭᠲᠠᠭᠠᠮᠵᠢᠲᠠᠢ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ | ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ᠃ ᠤᠯᠤᠰ ᠤᠨ ᠲᠠᠰ ᠤᠨ ︽ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠤᠷᠰᠢᠯᠲᠠ︾᠂ ᠥᠪᠡᠷᠲᠡᠭᠡᠨ | ᠵᠠᠰᠠᠬᠤ ᠣᠷᠣᠨ ᠤ ᠲᠠᠰ ᠤᠨ 2 ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ | ᠮᠠᠶ᠋ᠢᠭ ᠤᠨ ᠬᠥᠭᠵᠢᠯᠲᠡ ᠶᠢᠨ ᠲᠤᠷᠰᠢᠯᠲᠠ ᠶᠢᠨ ᠴᠢᠭ︾ ᠢ ᠰᠠᠶᠢᠲᠤᠷ ᠬᠢᠬᠦ ᠬᠡᠷᠡᠭᠲᠡᠢ᠃ ︽ᠭᠤᠷᠪᠠᠨ ᠲᠥᠯᠥᠪᠯᠡᠭᠡ︾ | ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ 3 ᠵᠢᠱᠢᠶ᠎ᠡ ᠦᠵᠡᠭᠦᠯᠬᠦ | ᠪᠦᠰᠡ ᠶᠢ ᠳᠡᠰ ᠳᠡᠪᠰᠢᠭᠦᠯᠦᠨ ᠥᠭᠡᠷᠡᠴᠢᠯᠡᠨ᠎ᠡ᠃ ᠵᠡᠭᠦᠨ ᠤᠰᠤᠲᠤ ᠲᠣᠰᠬᠤᠨ ᠤ ᠤᠯᠤᠰ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠪᠦᠬᠦ ᠤᠯᠤᠰ ᠪᠣᠯᠣᠨ ᠭᠤᠶᠤ ᠬᠥᠳᠡᠭᠡ ᠲᠣᠰᠬᠤᠨ ᠤ ᠲᠤᠷᠰᠢᠯᠲᠠ ᠶᠢᠨ | ᠲᠣᠰᠬᠤᠨ ᠳᠤ ᠰᠣᠩᠭᠤᠭᠳᠠᠬᠤ ᠶᠢ ᠠᠬᠢᠭᠤᠯᠵᠤ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠶᠢ ᠳᠡᠮᠵᠢᠪᠡ᠃ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ | ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢᠨ | ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ | ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠠᠶᠠᠨᠰᠢᠭᠤᠢ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠶᠢ | ᠡᠬᠢᠯᠡᠨ ᠬᠡᠷᠡᠭᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠴᠢᠳᠠᠪᠤᠷᠢ ᠪᠣᠯᠣᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | ᠠᠮᠤᠷ ᠠᠮᠤᠭᠤᠯᠠᠩ ᠬᠤᠲᠠ ᠲᠣᠭᠤᠷᠢᠭ ᠢ ᠡᠷᠡᠰ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ | ᠪᠠᠯᠭᠠᠰᠤᠨ ᠤ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ | ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠠᠤᠯᠢ | ᠴᠠᠭᠠᠵᠠ᠂ ᠰᠢᠭᠦᠬᠦ ᠬᠤᠷᠢᠶ᠎ᠠ᠂ ᠵᠠᠬᠢᠳᠠᠯ ᠰᠣᠷᠪᠤᠯᠵᠢᠯᠠᠭ᠎ᠠ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ | ᠰᠢᠢᠳᠪᠦᠷᠢᠯᠡᠬᠦ ᠵᠡᠷᠭᠡ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠭᠰᠡᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠤ ᠳᠡᠷᠭᠡᠳᠡᠬᠢ ᠬᠦᠴᠢᠷ ᠲᠦᠪᠡᠭᠲᠡᠢ | ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠨ᠎ᠡ᠃ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠷᠢᠳᠴᠢᠯᠠᠨ ᠥᠭᠬᠦ | ᠮᠠᠶ᠋ᠢᠭ ᠤᠨ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠴᠠᠬᠢᠯᠭᠠᠨ ᠬᠤᠯᠪᠣᠭ᠎ᠠ ᠪᠠᠷ | ᠮᠡᠬᠡᠯᠡᠬᠦ᠂︽ᠢᠳᠡᠭᠡᠨ ᠪᠠ ᠡᠮ ᠤᠨ ᠴᠠᠭᠠᠷᠢᠭ︾ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠭᠦᠨ᠎ᠡ᠃ ︽ᠬᠡᠷᠡᠭ ᠢ ᠲᠣᠪᠴᠢ ᠠᠪᠰᠠᠷᠬᠠᠨ ᠰᠢᠢᠳᠪᠦᠷᠢᠯᠡᠬᠦ︾ ᠲᠥᠪ ᠢ ᠪᠠᠶᠢᠭᠤᠯᠵᠤ᠂ | ᠲᠥᠬᠦᠮ ᠡᠷᠡᠭᠦᠦ ᠶᠢᠨ ᠬᠡᠷᠡᠭ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ ᠳᠠᠭᠤᠰᠬᠠᠬᠤ ᠶᠢ ᠠᠬᠢᠭᠤᠯᠪᠠ᠃ | ᠦᠯᠡᠳᠡᠭᠡᠯ ᠥᠷᠢ ᠥᠭᠴᠡᠭᠡ ᠶᠢ ᠲᠣᠬᠢᠲᠠᠢ ᠠᠷᠢᠯᠭᠠᠵᠤ᠂ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ︵ᠵᠢᠷᠭᠤᠭ᠎ᠠ︶ᠰᠤᠷᠲᠠᠯ ᠢ ᠰᠢᠯᠢᠳᠡᠭᠵᠢᠭᠦᠯᠬᠦ ᠡᠩᠨᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠠᠰᠠᠭ ᠤᠨ ᠣᠷᠳᠣᠨ ᠢ ᠪᠠᠶᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡ ᠶᠢ ᠨᠠᠶᠢᠳᠠᠪᠤᠷᠢᠵᠢᠭᠤᠯᠬᠤ ᠶᠢ ᠠᠳᠬᠤᠬᠤ︾ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠰᠡᠳᠬᠢᠯ | ᠬᠠᠨᠤᠮᠵᠢᠲᠠᠶ ᠵᠠᠰᠠᠭ ᠤᠨ ᠣᠷᠳᠣᠨ ᠤ ᠪᠠᠶᠢᠭᠤᠯᠭ᠎ᠠ ᠶᠢ ᠬᠦᠴᠦᠯᠡᠨ ᠪᠠᠶᠢᠭᠤᠯᠤᠨ᠎ᠠ᠃ | ᠬᠦᠰᠡᠯᠡᠩ ᠢᠲᠡᠭᠡᠯ ᠪᠢᠰᠢᠷᠡᠯ ᠢᠶᠠᠷ ᠢᠶᠠᠨ ᠦᠨᠡᠨᠴᠢ ᠰᠢᠳᠤᠷᠭᠤ ᠪᠠᠶᠢᠬᠤ ᠰᠦᠭ ᠰᠦᠨᠡᠰᠦ ᠶᠢ ᠪᠠᠲᠤᠳᠬᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠪᠠ᠃ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨᠵᠢᠯᠡᠬᠦ | ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠬᠠᠤᠯᠢ ᠶᠣᠰᠣᠭᠠᠷ | ᠵᠠᠰᠠᠭ ᠶᠠᠪᠤᠭᠤᠯᠬᠤ ᠴᠢᠳᠠᠪᠤᠷᠢ ᠪᠣᠯᠣᠨ ᠬᠢᠷᠢ ᠬᠡᠮᠵᠢᠶ᠎ᠡ ᠪᠠᠨ ᠲᠠᠰᠤᠷᠠᠯᠲᠠ ᠤᠶᠢᠭᠡᠢ ᠳᠡᠭᠡᠭᠰᠢᠯᠡᠭᠦᠯᠬᠦ ᠬᠡᠷᠡᠭᠲᠡᠢ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠰᠢᠯᠢᠳᠡᠭ ᠰᠤᠷᠲᠠᠯ ᠢᠶᠠᠷ ᠬᠥᠭᠵᠢᠯᠲᠡ ᠶᠢᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠪᠠᠴᠢᠮ ᠬᠡᠷᠡᠭᠴᠡᠭᠡ | ᠦᠭᠡᠢ᠂ ᠴᠢᠬᠤᠯᠠ ᠪᠤᠰᠤ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠎ᠠ᠃ ᠣᠯᠠᠨ ᠳᠣᠶᠢᠮᠠᠨ ᠤ ᠳᠤᠮᠳᠠ ᠠᠴᠠ ᠣᠯᠠᠨ | ᠳᠣᠶᠢᠮᠠᠨ ᠤ ᠳᠤᠮᠳᠠ ᠬᠦᠢᠷᠴᠤ᠂ ᠦᠨᠳᠦᠰᠦᠨ ᠱᠠᠲᠤᠨ ᠳᠤ ᠬᠦᠢᠠᠵᠠᠭᠡᠶᠢᠷᠠᠨ ᠠᠷᠠᠳ ᠤᠨ ᠪᠠᠶᠢᠳᠠᠯ ᠢ ᠪᠠᠶᠢᠴᠠᠭᠠᠨ᠂ | ᠬᠦᠢᠠᠵᠠᠭᠡᠢ ᠠᠰᠠᠭᠤᠳᠠᠯ ᠢ ᠰᠢᠢᠳᠪᠦᠷᠢᠯᠡᠵᠦ᠂ ᠣᠯᠠᠨ ᠳᠣᠶᠢᠮᠠᠨ ᠤ ᠰᠠᠨᠠᠯ ᠢ ᠰᠣᠨᠣᠰᠴᠤ᠂ ᠣᠯᠠᠨ ᠳᠣᠶᠢᠮᠠᠨ ᠤ | ᠰᠢᠭᠦᠮᠵᠢᠯᠡᠯ ᠢ ᠬᠦᠢᠷᠲᠠᠵᠤ᠂ ᠣᠯᠠᠨ ᠳᠣᠶᠢᠮᠠᠨ ᠤ ᠳᠤᠷᠠᠳᠤᠭᠰᠠᠨ ᠦᠢᠭᠡ ᠰᠣᠨᠣᠰᠴᠤ᠂ ᠣᠯᠠᠨ ᠳᠣᠶᠢᠮᠠᠨ ᠤ | ᠳᠤᠷᠠᠲᠠᠢ ᠶᠠᠪᠤᠳᠠᠯ ᠢ ᠬᠢᠭᠰᠠᠨ ᠲᠤᠬᠠᠢ ᠣᠯᠠᠨ ᠳᠣᠶᠢᠮᠠᠨ ᠤ ᠳᠤᠷᠠᠲᠠᠢ ᠶᠠᠪᠤᠳᠠᠯ ᠪᠤᠯᠬᠤ ᠬᠡᠷᠠᠭᠲᠠᠢ ᠭᠡᠵᠡᠢ᠃ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠯᠠᠪᠳᠠᠭᠤᠨ ᠪᠠᠲᠤᠲᠠᠢ ᠰᠤᠷᠲᠠᠯ᠂ ᠦᠨᠡᠨ ᠪᠣᠳᠠᠲᠠᠢ ᠠᠷᠭ᠎ᠠ ᠬᠡᠮᠵᠢᠶ᠎ᠡ᠂ ᠦᠨᠡᠨ ᠪᠣᠳᠠᠲᠠᠢ | ᠬᠠᠲᠠᠭᠤ ᠲᠠᠢ ᠬᠠᠯᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠶᠣᠰᠣ ᠮᠣᠷᠠᠯ ᠢ | ᠦᠷᠭᠦᠯᠵᠢ ᠪᠤᠯᠪᠠᠰᠤᠷᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ ᠳᠡᠷᠭᠡᠳᠡᠬᠢ ᠶᠠᠪᠤᠳᠠᠯ ᠢᠶᠠᠷ | ᠳᠡᠷᠭᠡᠳᠡᠬᠢ ᠬᠥᠮᠥᠰ ᠢᠶᠠᠨ ᠬᠥᠮᠥᠵᠢᠭᠦᠯᠵᠦ᠂ ᠠᠨ ᠤ ᠺᠠᠲᠷ ᠢᠯᠠᠩᠭᠤᠶ᠎ᠠ ᠤᠳᠤᠷᠢᠳᠬᠤ ᠺᠠᠲᠷ᠂ ᠨᠠᠭᠠᠲᠤ ᠵᠠᠬ᠎ᠠ ᠶᠢᠨ | ᠱᠤᠭᠤᠮ᠂ ᠤᠯᠠᠭᠠᠨ ᠱᠤᠭᠤᠮ᠂ ᠥᠨᠳᠥᠷ ᠬᠦᠴᠦᠳᠡᠯᠲᠦ ᠤᠲᠠᠰᠤ ᠬᠠᠮᠢᠭ᠎ᠠ ᠪᠠᠶᠢᠬᠤ ᠶᠢ ᠴᠠᠭ ᠢᠮᠠᠭᠲᠠ | ᠲᠣᠳᠣᠷᠬᠠᠢ ᠮᠡᠳᠡᠵᠦ᠂ ᠬᠥᠨᠳᠡᠬᠦ ᠦᠷ᠎ᠡ ᠳ᠋ᠦᠩ ᠨᠢ ᠶᠠᠭᠤ ᠪᠣᠢ︖ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠢ ᠭᠦᠨᠵᠡᠭᠡᠢ ᠲᠤᠭᠤᠱᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠲᠣᠭᠤᠷᠢᠨ ᠪᠠᠶᠢᠴᠠᠭᠠᠬᠤ᠂ | ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ | ᠪᠠᠲᠤᠲᠠᠢ ᠠᠬᠢᠭᠤᠯᠪᠠ᠃ ᠺᠠᠳ᠋ᠷ ᠤᠨ ᠡᠩᠨᠡᠭᠡᠨ ᠤ ᠰᠤᠷᠲᠠᠯ ᠴᠢᠬᠡᠴᠢ ᠣᠪᠣᠷ ᠲᠥᠪ ᠪᠠᠶᠢᠵᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ | ᠲᠥᠯᠥᠭᠡᠯᠡᠭᠴᠢᠳ ᠠ᠋︕ ᠳᠠᠷᠳᠠᠩ ᠵᠠᠮ ᠳᠥᠭᠦᠮ ᠪᠥᠭᠡᠳ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ | ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠯᠬᠢ ᠳᠠᠪᠠᠯᠭᠠᠨ ᠢ ᠰᠥᠷᠦᠨ | ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠲᠣᠩ ᠠᠷᠠᠳ ᠤᠨ | ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕ | ᠨᠡᠷ᠎ᠡ ᠦᠭᠡ ᠶᠢᠨ ᠲᠠᠶᠢᠯᠪᠤᠷᠢ | 1. ᠨᠢᠭᠡ ᠬᠤᠩᠭᠢᠯ ᠬᠤᠶᠠᠷ ᠲᠡᠩᠭᠡᠯᠢᠭ ᠲᠠᠪᠤᠨ ᠪᠦᠰᠡ᠄ ᠨᠢᠭᠡ ᠬᠤᠩᠭᠢᠯ᠄ ᠬᠥᠬᠡᠬᠤᠲᠠ ᠶᠢᠨ ᠡᠮᠦᠨ᠎ᠡ ᠤᠮᠠᠷ᠎ᠠ | ᠲᠠᠪᠤᠨ ᠵᠠᠭᠤᠨ ᠭᠠᠵᠠᠷ ᠤᠨ ᠦᠵᠡᠮᠵᠢ ᠶᠢᠨ ᠬᠤᠩᠭᠢᠯ ᠵᠠᠮ︔ ᠬᠤᠶᠠᠷ ᠲᠡᠩᠭᠡᠯᠢᠭ᠄ ᠭᠥᠢ ᠰᠦᠢ ᠬᠠᠭᠤᠴᠢᠨ | ᠬᠤᠲᠠ ᠶᠢᠨ ᠲᠡᠦᠬᠡ ᠰᠣᠶᠣᠯ ᠤᠨ ᠲᠡᠩᠭᠡᠯᠢᠭ᠂ ᠲᠣᠷᠭᠠᠨ ᠵᠠᠮ ᠤᠨ ᠴᠡᠴᠡᠷᠯᠢᠭ ᠤᠨ ᠣᠳᠣ ᠦᠶ᠎ᠡ ᠶᠢᠨ ᠰᠣᠶᠣᠯ ᠤᠨ | ᠲᠡᠩᠭᠡᠯᠢᠭ ᠢ ᠵᠢᠭᠠᠵᠤ ᠪᠠᠶᠢᠨ᠎ᠠ︔ ᠲᠠᠪᠤᠨ ᠪᠦᠰᠡ᠄ ᠳᠠᠯᠠᠨ ᠬᠠᠷ᠎ᠠ ᠠᠭᠤᠯᠠ ᠶᠢᠨ ᠥᠨᠳᠥᠷ ᠠᠭᠤᠯᠠ ᠶᠢᠨ ᠲᠠᠯ᠎ᠠ | ᠨᠤᠲᠤᠭ ᠤᠨ ᠦᠵᠡᠮᠵᠢ ᠶᠢᠨ ᠪᠦᠰᠡ᠂ ᠴᠡᠯᠡᠭᠡᠷ ᠲᠠᠯ᠎ᠠ ᠶᠢᠨ ᠠᠮᠢ ᠠᠬᠤᠢ ᠶᠢᠨ ᠵᠢᠭᠤᠯᠴᠢᠯᠠᠯ ᠤᠨ ᠪᠦᠰᠡ᠂ ᠶᠡᠭᠡ | ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠦᠵᠡᠮᠵᠢ ᠶᠢᠨ ᠪᠦᠰᠡ᠂ ᠪᠠᠭ᠎ᠠ ᠲᠦᠷᠭᠡᠨ ᠭᠤᠣᠯ ᠤᠨ | ᠤᠰᠤᠨ ᠤ ᠡᠷᠭᠢ ᠶᠢᠨ ᠴᠡᠴᠡᠷᠯᠢᠭ ᠤᠨ ᠦᠵᠡᠮᠵᠢ ᠶᠢᠨ ᠪᠦᠰᠡ᠂ ᠬᠠᠲᠤᠨ ᠭᠤᠣᠯ ᠤᠨ ᠤᠷᠲᠤ ᠴᠠᠭᠠᠨ ᠬᠡᠷᠡᠮ ᠤᠨ | ᠰᠣᠶᠣᠯ ᠵᠢᠭᠤᠯᠴᠢᠯᠠᠯ ᠤᠨ ᠪᠦᠰᠡ ᠶᠢ ᠵᠢᠭᠠᠵᠤ ᠪᠠᠶᠢᠨ᠎ᠠ᠃ | 2.᠂ VOC᠄ ᠡᠩ ᠤᠨ ᠳᠤᠯᠠᠭᠠᠨ ᠳᠣᠣᠷ᠎ᠠ ᠠᠮᠠᠷᠬᠠᠨ ᠳᠡᠭᠳᠡᠬᠦ ᠣᠷᠭᠠᠨᠢᠭ ᠪᠣᠳᠠᠰ ᠢ ᠵᠢᠭᠠᠵᠤ ᠪᠠᠶᠢᠨ᠎ᠠ᠃ | 3.ᠮᠢᠩᠭᠠᠨ ᠲᠦᠮᠡᠨ ᠢᠨᠵᠧᠨᠧᠷᠢᠩ ᠢ ᠵᠢᠭᠠᠵᠤ ᠪᠠᠶᠢᠨ᠎ᠠ᠄ ︽ᠮᠢᠩᠭᠠᠨ ᠲᠣᠰᠬᠤᠨ ᠳᠤ ᠵᠢᠱᠢᠶ᠎ᠡ ᠦᠵᠡᠭᠦᠯᠵᠦ᠂ | ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠠᠶᠢᠨ᠎ᠠ᠂ ᠡᠨᠡ ᠪᠣᠯ ᠵᠧᠵᠢᠶᠠᠩ ᠤᠨ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ | ᠦᠨᠳᠦᠰᠦᠨ ᠱᠠᠲᠤᠨ ᠤ ᠬᠥᠳᠡᠭᠡ ᠲᠣᠰᠬᠤᠨ ᠳᠤ ᠠᠮᠵᠢᠯᠲᠠ ᠲᠠᠢ ᠦᠢᠯᠡᠳᠦᠯᠭᠡ ᠮᠥᠨ᠃ | 4. ︽ᠳᠥᠷᠪᠡᠨ ᠨᠢᠭᠡ︾ ᠶᠢᠨ ᠢᠨᠵᠧᠨᠧᠷᠢᠩ᠄ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠲᠣᠰ ᠪᠦᠷᠢ 1 | ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠢᠭᠠᠵᠤ | ᠪᠣᠶ᠃ | 5. ᠭᠤᠷᠪᠠᠨ ᠡᠩᠨᠡᠭᠡ᠄ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠡᠩᠨᠡᠭᠡ᠂ ᠵᠢᠭᠠᠬᠤ ᠶᠢ ᠰᠤᠳᠤᠯᠬᠤ | ᠠᠵᠢᠯᠲᠠᠨ ᠤ ᠡᠩᠨᠡᠭᠡ᠂ ᠪᠠᠭᠰᠢ ᠶᠢᠨ ᠡᠩᠨᠡᠭᠡ ᠶᠢ ᠵᠢᠭᠠᠵᠤ ᠪᠠᠶᠢᠨ᠎ᠠ᠃ | 6. ᠲᠤᠭᠤᠷᠢᠭ ᠤᠨ ᠬᠠᠮᠢᠶᠠᠷᠤᠯᠲᠠ ᠶᠢᠨ ᠰᠤᠷᠭᠠᠭᠤᠯᠢ ᠶᠢᠨ ᠤᠷᠢᠯᠭ᠎ᠠ᠄ ᠲᠤᠰᠬᠠᠢ ᠮᠡᠷᠭᠡᠵᠢᠯ ᠤᠨ ᠠᠵᠢᠯ ᠤᠨ | ᠪᠠᠶᠢᠷᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠪᠠᠷ ᠳᠠᠮᠵᠢᠭᠤᠯᠤᠨ᠂ ᠪᠠᠭᠰᠢ ᠶᠢᠨ ᠰᠢᠶᠠᠨ ᠤ ᠬᠡᠪᠴᠢᠶᠡᠨ ᠤ | ᠳᠣᠲᠣᠷ᠎ᠠ ᠵᠦᠢ ᠵᠣᠬᠢᠰᠲᠠᠢ ᠲᠣᠬᠢᠷᠠᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠢ | ᠬᠥᠭᠵᠢᠯᠲᠡ ᠶᠢ ᠠᠬᠢᠭᠤᠯᠬᠤ ᠵᠠᠭᠪᠤᠷ ᠢ ᠵᠢᠭᠠᠵᠤ ᠪᠣᠶ᠃ | 7. ᠭᠤᠷᠪᠠᠨ ᠲᠥᠯᠥᠪᠯᠡᠭᠡ᠄ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ | ᠲᠥᠯᠥᠪᠯᠡᠭᠡ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ | ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠲᠥᠯᠥᠪᠯᠡᠭᠡ ᠶᠢ ᠵᠢᠭᠠᠵᠤ ᠪᠠᠶᠢᠨ᠎ᠠ᠃ | ᠨᠡᠶᠢᠭᠡᠮ ᠲᠣᠭᠤᠷᠢᠭ ᠤᠨ ᠨᠠᠢᠮᠠᠨ ᠬᠡᠷᠡᠭ ᠡᠷᠬᠢᠯᠡᠬᠦ ᠭᠠᠵᠠᠷ ᠨᠢᠭᠡ ᠪᠠᠯᠭᠠᠰᠤ ᠠᠴᠠ ᠨᠢᠭᠡ ᠨᠡᠶᠢᠭᠡᠮ ᠲᠣᠭᠤᠷᠢᠭ | ︵ᠲᠣᠰᠬᠤᠨ︶ ᠢ ᠰᠣᠩᠭᠤᠵᠤ ᠲᠣᠭᠤᠷᠢᠨ ᠰᠤᠷᠤᠯᠴᠠᠬᠤ ᠪᠦᠯᠬᠦᠮ ᠪᠠᠶᠢᠭᠤᠯᠵᠤ᠂ ᠬᠠᠷᠢᠯᠴᠠᠨ ᠲᠣᠭᠤᠷᠢᠨ ᠦᠵᠡᠵᠦ | ᠰᠤᠷᠤᠯᠴᠠᠬᠤ᠂ ᠬᠠᠮᠲᠤᠪᠠᠷ ᠪᠠᠶᠢᠭᠤᠯᠬᠤ ᠬᠠᠮᠵᠢᠯᠴᠠᠨ ᠶᠠᠷᠢᠯᠴᠠᠬᠤ ᠪᠠ ᠲᠤᠬᠠᠢ ᠶᠢᠨ ᠲᠠᠯᠠᠪᠠᠢ ᠳᠤ ᠵᠢᠭᠠᠨ | ᠵᠢᠯᠤᠭᠤᠳᠬᠤ ᠴᠡᠭ ᠦᠨᠡᠯᠡᠬᠦ ᠵᠡᠷᠭᠡ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ᠠᠵᠢᠯ ᠢ ᠵᠢᠭᠠᠵᠤ ᠪᠠᠶᠢᠨ᠎ᠠ᠃ | 9. ᠮᠢᠩᠭᠠᠨ ᠠᠵᠤ ᠠᠬᠤᠶᠢᠯᠠᠯ ᠵᠠᠭᠤᠨ ᠬᠤᠲᠠ᠄ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ᠶᠢᠨ ᠥᠷᠨᠢᠭᠦᠯᠦᠭᠰᠡᠨ ᠨᠢᠭᠡ ᠵᠦᠢᠯ ᠦᠨ ᠲᠠᠸᠠᠷ ᠤᠨ ᠲᠡᠮᠳᠡᠭᠲᠦ ᠶᠢᠨ ᠨᠡᠷᠡᠲᠦ ᠲᠡᠮᠳᠡᠭ | ᠦᠨ ᠥᠷᠲᠡᠭ ᠢ ᠳᠡᠭᠡᠭᠰᠢᠯᠡᠭᠦᠯᠬᠦᠠᠵᠢᠯᠯᠠᠭᠠ ᠶᠢ ᠵᠢᠭᠠᠵᠤ ᠪᠠᠶᠢᠨ᠎ᠠ᠃ | 10᠂ ᠯᠣᠩᠬᠤ ᠶᠢ ᠰᠠᠶᠢᠵᠢᠷᠠᠭᠤᠯᠬᠤ᠄ ᠤᠯᠠᠮᠵᠢᠯᠠᠯᠲᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ | (ᠰᠢᠩᠭᠡᠨᠵᠢᠮᠡᠯ ᠴᠢᠯᠠᠭᠤᠨ ᠲᠣᠰᠣᠨ ᠤ ᠬᠡᠢ) ᠶᠢ ᠬᠤᠭᠤᠯᠠᠢ ᠪᠠᠷ ᠰᠢᠲᠠᠮᠠᠬᠠᠢ ᠬᠡᠢ ᠪᠣᠯᠭᠠᠨ ᠰᠣᠯᠢᠬᠤ ᠶᠠᠪᠤᠴᠠ | ᠪᠣᠯᠭᠠᠵᠤ᠂ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠠᠶᠤᠯᠭᠦᠢ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ | | 11᠂ ︽ᠬᠤᠶᠠᠷ ᠶᠡᠭᠡ ᠶᠠᠪᠤᠳᠠᠯ︾᠄ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ | ᠵᠢᠭᠠᠵᠤ ᠪᠣᠶ᠃ | 12 ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠢᠭᠡᠳ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ᠂ ᠳᠤᠯᠠᠭᠠᠴᠠᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠠᠶᠢᠨ᠎ᠠ᠃ | 13᠂ ︽ᠵᠢᠷᠭᠤᠭᠠᠨ ᠠᠵᠢᠯᠯᠠᠭ᠎ᠠ︾᠄ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ | ᠠᠬᠤᠶᠢᠯᠠᠯ ᠢ ᠳᠡᠮᠵᠢᠬᠦ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ | 14. ︽ᠳᠥᠷᠪᠡᠨ ᠬᠤᠲᠠ ᠲᠣᠭᠤᠷᠢᠭ︾᠄ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠬᠤᠲᠠ ᠶᠢᠨ ᠲᠣᠭᠤᠷᠢᠭ᠂ ᠪᠣᠬᠢᠷᠲᠤᠯ ᠦᠭᠡᠢ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ | ᠬᠥᠭᠵᠢᠯᠲᠡ ᠶᠢᠨ ᠬᠤᠲᠠ ᠶᠢᠨ ᠲᠣᠭᠤᠷᠢᠭ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠦᠨ | ᠬᠥᠭᠵᠢᠭᠦᠯᠬᠦ ᠬᠤᠲᠠ ᠶᠢᠨ ᠲᠣᠭᠤᠷᠢᠭ᠂ ᠰᠣᠶᠣᠯ ᠵᠢᠭᠤᠯᠴᠢᠯᠠᠯ ᠤᠨ ᠣᠨᠴᠠᠯᠢᠭᠲᠤ ᠬᠥᠭᠵᠢᠯᠲᠡ ᠶᠢᠨ ᠬᠤᠲᠠ ᠶᠢᠨ | ᠲᠣᠭᠤᠷᠢᠭ ᠢ ᠵᠢᠭᠠᠵᠤ ᠪᠣᠶ᠃ | 15. ︽ᠬᠤᠶᠠᠷ ᠰᠢᠨ᠎ᠡ︾ ᠲᠥᠷᠥ ᠶᠢᠨ ᠪᠣᠳᠣᠯᠭ᠎ᠠ᠄ ᠰᠢᠨ᠋᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ | ᠲᠥ᠋ᠬᠦᠭᠡᠷᠦᠮᠵᠢ ᠶᠢ ᠰᠢᠨ᠋ᠡᠳᠬᠡᠬᠦ ᠪᠠ ᠬᠡᠷᠡᠭᠯᠡᠭᠡᠨ ᠤ ᠵᠦ᠋ᠶ᠋ᠯ ᠢ ᠬᠠᠭᠤᠴᠢᠨ ᠰᠢᠨ᠋᠎ᠡ ᠶᠢ ᠰᠣᠯᠢᠬᠤ ᠳᠣᠷᠣ ᠶᠢᠨ ᠪᠤᠳᠣᠯᠭ᠋ᠠ | ᠶᠢ ᠠᠬᠢᠭᠤᠯᠬᠤ ᠶᠢ ᠵᠢᠬᠠᠵᠤ ᠪᠠᠶᠢᠨ᠋᠎ᠠ᠃ | 16. ︽ᠳᠥᠷᠪᠡᠨ ᠨᠢᠭᠡ︾ ᠶᠢᠨ ᠦᠢᠯᠡᠴᠢᠯᠡᠭᠡᠨ ᠤ ᠲᠣᠭᠲᠠᠴᠠ᠄ ᠨᠢᠭᠡ ᠤᠯᠤᠰ ᠤᠨ ᠠᠵᠤ | ᠠᠬᠤᠶᠢᠯᠠᠯᠵᠢᠭᠤᠯᠤᠭᠰᠠᠨ ᠡᠵᠡᠩᠨᠡᠯᠲᠡ ᠶᠢᠨ ᠠᠵᠢᠯ ᠤᠨ ᠲᠥᠰᠥᠯ ᠢ ᠲᠣᠭᠲᠠᠭᠠᠵᠤ᠂ ᠨᠢᠭᠡ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ | ᠲᠠᠪᠴᠠᠩ ᠢ ᠪᠠᠶᠢᠭᠤᠯᠤᠨ᠂ ᠬᠠᠷᠢᠶ᠎ᠠ ᠣᠷᠣᠨ ᠤ ᠨᠠᠰᠤᠲᠠᠶᠢᠴᠤᠳ ᠲᠤ ᠨᠢᠭᠡ ᠯᠡ ᠨᠠᠰᠤᠲᠠᠨ ᠳᠤ ᠦᠢᠯᠡᠴᠢᠯᠡᠬᠦ | ᠵᠦᠢᠯᠡᠰ ᠤᠨ ᠲᠣᠳᠣᠷᠬᠠᠢ ᠺᠠᠷᠲ ᠬᠦᠷᠭᠡᠵᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠣᠷ ᠢ ᠪᠣᠶ ᠪᠣᠯᠭᠠᠬᠤ ᠶᠢ ᠵᠢᠭᠠᠵᠤ ᠪᠣᠶ᠃ | 17. ᠬᠤᠶᠠᠷ ᠭᠤᠣᠯ ᠨᠢᠭᠡ ᠬᠥᠮᠥᠷᠭᠡ ᠶᠢ ᠵᠠᠰᠠᠬᠤ᠄ ᠤᠯᠢᠶᠠᠰᠤ ᠭᠤᠣᠯ ᠪᠣᠯᠣᠨ ᠵᠠᠳᠠᠭᠠᠢ ᠭᠤᠣᠯ ᠤᠨ ᠠᠮᠢ | ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠤᠰᠤᠲᠤ ᠴᠥᠭᠦᠷᠥᠮ ᠤᠨ ᠬᠤᠷᠠᠭᠰᠠᠨ ᠢ ᠴᠡᠪᠡᠷᠯᠡᠬᠦ | ᠢᠨᠵᠧᠨᠧᠷᠢᠩ ᠢ ᠪᠡᠶᠡᠯᠡᠭᠦᠯᠦᠨ᠎ᠡ᠃ | 18. ᠹᠧᠩ ᠴᠢᠶᠣᠣ ᠪᠠᠯᠭᠠᠰᠤᠨ ᠤ ᠲᠤᠷᠰᠢᠯᠭ᠎ᠠ᠄ ᠬᠤᠷᠢᠳᠤᠭᠠᠷ ᠵᠠᠭᠤᠨ ᠤ ᠵᠢᠷᠠᠭᠠᠳ ᠣᠨ ᠤ ᠡᠬᠢ ᠪᠠᠷ | ᠵᠧᠵᠢᠶᠠᠩ ᠮᠤᠵᠢ ᠶᠢᠨ ᠵᠦ ᠵᠢᠢ ᠰᠢᠶᠠᠨ ᠤ ᠹᠧᠩ ᠴᠢᠶᠣᠣ ᠪᠠᠯᠭᠠᠰᠤᠨ ᠤ ᠺᠠᠳ᠋ᠷ ᠣᠯᠠᠨ ᠲᠦᠮᠡᠨ ︽ᠳᠠᠶᠢᠴᠢᠯᠠᠬᠤ ᠪᠠ | ᠣᠯᠠᠨ ᠲᠦᠮᠡᠨ ᠢ ᠲᠦᠰᠢᠭᠯᠡᠨ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠢ ᠶᠢᠨ | ᠭᠠᠵᠠᠷ ᠲᠤ ᠨᠢ ᠰᠢᠢᠳᠪᠦᠷᠢᠯᠡᠵᠦ᠂ ᠬᠥᠮᠥᠨ ᠴᠥᠭᠡᠨ ᠪᠠᠷᠢᠪᠴᠢᠯᠠᠵᠤ᠂ ᠠᠮᠤᠷ ᠲᠦᠪᠰᠢᠨ ᠢ ᠰᠠᠶᠢᠵᠢᠷᠠᠭᠤᠯᠬᠤ︾ | ᠲᠤᠷᠰᠢᠯᠭ᠎ᠠ ᠶᠢ ᠵᠢᠭᠠᠵᠤ ᠪᠠᠶᠢᠨ᠎ᠠ᠃ | ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ᠄ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠨᠠᠶᠢᠳᠠᠪᠤᠷᠢᠵᠢᠭᠤᠯᠤᠯᠲᠠ ᠶᠢ ᠪᠤᠰᠢᠭᠤ ᠱᠠᠯᠠᠮᠠᠭᠠᠢ ᠪᠠᠷ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠴᠢᠳᠠᠮᠠᠭᠠᠢ ᠪᠠᠷ ᠬᠢᠵᠦ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠢᠭᠠᠵᠤ ᠪᠠᠶᠢᠨ᠎ᠠ᠃ | |