2024 ᠣᠨ ᠳᠤ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 237491.57 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠠᠢ
ᠨᠡᠶᠢᠲᠡᠯᠡᠭᠰᠡᠨ ᠴᠠᠭ᠄
2025/1/16
    ︵ᠰᠤᠷᠪᠤᠯᠵᠢᠯᠠᠭᠴᠢ ᠰᠦᠩ ᠰᠢᠶᠠᠩ ᠬᠤᠸᠠ︶ 2024 ᠣᠨ ᠳᠤ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 237491. 57 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠪᠠ᠂ ᠡᠭᠦᠨ ᠳᠤ ᠲᠠᠷᠢᠶᠠᠴᠢᠳ ᠤᠨ ᠨᠥᠬᠦᠪᠦᠷᠢ ᠮᠥᠩᠭᠦ  224839.34 ᠲᠦᠮᠡᠨ ᠲᠥᠭᠦᠷᠢᠭ᠂ 94.7% ᠶᠢ ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠮᠥᠩᠭᠦ 12652.23 ᠲᠦᠮᠡᠨ ᠲᠥᠭᠦᠷᠢᠭ᠂ 5.3% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 455.8 ᠲᠦᠮᠡᠨ ᠬᠥᠮᠥᠨ ᠤᠳᠠᠭ᠎ᠠ ᠬᠦᠷᠴᠡᠢ᠂ ᠡᠭᠦᠨ ᠳᠤ ᠬᠥᠳᠡᠭᠡ ᠲᠣᠰᠬᠤᠨ ᠤ ᠨᠥᠬᠦᠪᠦᠷᠢ ᠬᠦᠷᠲᠡᠭᠰᠡᠳ 438.64 ᠲᠦᠮᠡᠨ ᠬᠥᠮᠥᠨ ᠤᠳᠠᠭ᠎ᠠ ᠳᠤ ᠬᠦᠷᠴᠦ᠂ 96.24% ᠶᠢ ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠬᠦᠷᠲᠡᠭᠰᠡᠳ 17.16 ᠲᠦᠮᠡᠨ ᠬᠥᠮᠥᠨ ᠤᠳᠠᠭ᠎ᠠ ᠳᠤ ᠬᠦᠷᠴᠦ᠂ 3.76 % ᠶᠢ ᠡᠵᠡᠯᠡᠪᠡ᠃           2024 ᠣᠨ ᠳᠤ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 8 ᠬᠦᠷᠢᠶᠡᠨ ᠤ 54 ᠲᠥᠷᠥᠯ 63 ᠵᠦᠢᠯ ᠤᠨ ᠨᠥᠬᠦᠪᠦᠷᠢ ᠮᠥᠩᠭᠦ ᠪᠠᠭᠤᠯᠭᠠᠪᠠ᠃ ᠪᠠᠭᠤᠯᠭᠠᠭᠰᠠᠨ ᠡᠳ᠋ ᠤᠨ ᠵᠠᠰᠠᠭ ᠤᠨ ᠨᠥᠬᠦᠪᠦᠷᠢ ᠮᠥᠩᠭᠦ ᠳᠣᠲᠣᠷ᠎ᠠ᠂ ᠵᠣᠭᠤᠰ ᠤᠨ ᠲᠤᠭ᠎ᠠ ᠨᠢ ᠨᠡᠯᠢᠶᠡᠳ ᠶᠡᠭᠡ ᠨᠢ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ᠂ ᠣᠶ ᠰᠢᠭᠤᠢ ᠶᠢᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ ᠲᠥᠷᠥᠯ ᠤᠨ ᠨᠥᠬᠦᠪᠦᠷᠢ ᠶᠢᠨ ᠪᠡᠯᠡ ᠮᠥᠩᠭᠦ ᠲᠣᠰ ᠲᠣᠰ 52.63%᠂ 30%᠂ 8.25%᠂ 5.18%᠂ 2.03% ᠶᠢ ᠡᠵᠡᠯᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号