2024 ᠣᠨ ᠤ ᠭᠦᠭᠡᠬᠤᠲᠠ ᠪᠤᠭᠤᠲᠤ ᠬᠤᠲᠠ ᠶᠢᠨ ᠤᠷᠢᠨ ᠡᠯᠰᠡᠬᠦ ᠲᠤᠰᠬᠠᠢ ᠳᠠᠯᠠᠪᠠᠢ ᠴᠤᠭᠯᠠᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2025/1/2
    ᠲᠦᠷᠦᠭᠦᠬᠡᠨ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠭᠦᠭᠡᠬᠤᠲᠠ ᠪᠤᠭᠤᠲᠤ ᠬᠤᠲᠠ ᠶᠢᠨ  ᠲᠤᠰᠬᠠᠢ ᠳᠠᠯᠠᠪᠠᠢ ᠤᠷᠢᠨ ᠡᠯᠰᠡᠬᠦ ᠴᠤᠭᠯᠠᠭᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠮᠥᠨ ᠴᠦ ᠭᠦᠭᠡᠬᠤᠲᠠ ᠶᠢᠨ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠭᠦᠭᠡᠬᠤᠲᠠ ᠳᠤ ᠦᠯᠡᠳᠡᠭᠡᠬᠦ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃           ᠣᠶᠢᠯᠠᠭᠠᠭᠰᠠᠨ ᠢᠶᠠᠷ᠂ 2022 ᠣᠨ ᠠᠴᠠ ᠨᠠᠭᠠᠰᠢ᠂ ᠭᠦᠭᠡᠬᠤᠲᠠ︽ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾᠂ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠭᠦᠭᠡᠬᠤᠲᠠ ᠳᠤ ᠦᠯᠡᠳᠡᠭᠡᠬᠦ ᠠᠵᠢᠯᠯᠠᠭᠠᠨ ᠤ ᠲᠥᠰᠥᠯ ︵2024-2026︶︾ ᠢ ᠡᠬᠢᠯᠡᠨ ᠬᠡᠷᠡᠭᠵᠢᠭᠦᠯᠵᠦ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ ᠡᠬᠢᠯᠡᠭᠦᠯᠦᠨ ᠬᠡᠷᠡᠭᠵᠢᠭᠦᠯᠵᠦ᠂ ᠭᠤᠷᠪᠠᠨ ᠵᠢᠯ ᠳᠤ ᠨᠡᠶᠢᠲᠡ 13.73 ᠲᠦᠮᠡᠨ ᠣᠶᠤᠲᠠᠨ ᠤ ᠭᠦᠭᠡᠬᠤᠲᠠ ᠳᠤ ᠠᠵᠢᠯ ᠣᠯᠬᠤ ᠶᠢ ᠪᠡᠶᠡᠯᠡᠭᠦᠯᠪᠡ᠃           ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠵᠤ᠂ ᠭᠦᠭᠡᠬᠤᠲᠠ᠂ ᠪᠤᠭᠤᠲᠤ ᠬᠤᠶᠠᠷ ᠬᠤᠲᠠ ᠶᠢᠨ100 ᠭᠠᠷᠤᠢ ᠠᠵᠤ ᠠᠬᠤᠶᠢᠯᠠᠯ 2068 ᠠᠵᠢᠯ ᠤᠨ ᠪᠠᠶᠢᠷᠢ ᠬᠠᠩᠭᠠᠵᠤ᠂ ᠲᠤᠬᠠᠢ ᠶᠢᠨ ᠳᠠᠯᠠᠪᠠᠢ ᠪᠠ ᠰᠢᠭᠤᠳ ᠨᠡᠪᠲᠡᠷᠡᠭᠦᠯᠭᠡ ᠪᠠᠷ ᠳᠡᠮᠵᠢᠨ 970 ᠬᠥᠮᠥᠨ ᠤᠳᠠᠭ᠎ᠠ ᠰᠠᠨᠠᠮᠵᠢ ᠲᠣᠭᠲᠠᠪᠠ᠃ ᠲᠣᠰ ᠤᠳᠠᠭᠠᠨ ᠤ ᠪᠣᠳᠠᠲᠤ ᠴᠣᠭᠴᠠ ᠶᠢᠨ ᠤᠷᠢᠨ ᠡᠯᠰᠡᠬᠦ ᠴᠤᠭᠯᠠᠭᠠᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷ᠎ᠠ ᠮᠡᠷᠭᠡᠵᠢᠯ ᠤᠨ ᠪᠣᠯᠪᠠᠰᠤᠷᠠᠯ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠢ ᠲᠣᠭᠤᠷᠢᠭ ᠲᠣᠬᠢᠷᠠᠭᠤᠯᠵᠤ᠂ ᠠᠵᠢᠯ ᠡᠷᠢᠭᠰᠡᠳ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠤᠷ᠎ᠠ ᠮᠡᠷᠭᠡᠵᠢᠯ ᠤᠨ ᠪᠣᠯᠪᠠᠰᠤᠷᠠᠯ᠂ ᠠᠵᠢᠯ ᠮᠡᠷᠭᠡᠵᠢᠯ ᠤᠨ ᠲᠥᠯᠦᠪᠵᠢᠭᠦᠯᠭᠡ᠂ ᠠᠵᠢᠯ ᠡᠷᠢᠬᠦ ᠤᠷ᠎ᠠ ᠮᠡᠷᠭᠡᠵᠢᠯ ᠤᠨ ᠵᠢᠯᠣᠭᠤᠳᠤᠯᠭ᠎ᠠ᠂ ᠠᠵᠢᠯ ᠮᠡᠷᠭᠡᠵᠢᠯ ᠤᠨ ᠰᠢᠯᠭᠠᠨ ᠦᠨᠡᠯᠡᠯᠲᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠵᠠᠢ᠃           ᠲᠣᠰ ᠰᠦᠯᠵᠢᠶᠡᠨ ᠳᠡᠭᠡᠷᠡᠬᠢ ᠤᠷᠢᠨ ᠡᠯᠰᠡᠬᠦ ᠴᠤᠭᠯᠠᠭᠠᠨ ᠨᠢ ᠪᠦᠭᠦ ᠶᠠᠪᠤᠴᠠ ᠳᠤ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠸᠢᠳᠢᠤ᠋ ᠳ᠋ᠤᠭᠠᠷ ᠢᠶᠠᠷ ᠳᠡᠮᠵᠢᠨ᠂︽ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ + ᠰᠦᠯᠵᠢᠶᠡᠨ ᠳᠡᠭᠡᠷᠡᠬᠢ ᠠᠰᠠᠭᠤᠨ ᠯᠠᠪᠯᠠᠭ᠎ᠠ︾ ᠶᠢᠨ ᠬᠤᠷᠰᠢᠯᠴᠠᠬᠤ ᠰᠢᠭᠤᠳ ᠨᠡᠪᠲᠡᠷᠡᠭᠦᠯᠭᠡ ᠬᠢᠵᠦ᠂ ᠬᠥᠮᠥᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ ᠣᠨᠢᠨ ᠳᠡᠭᠡᠷ᠎ᠡ ᠨᠢ ᠵᠣᠯᠭᠠᠭᠤᠯᠬᠤ ᠦᠢᠯᠡᠴᠢᠯᠡᠭᠡ ᠬᠠᠩᠭᠠᠵᠤ᠂ ᠰᠢᠭᠤᠳ ᠨᠡᠪᠲᠡᠷᠡᠭᠦᠯᠭᠡ ᠶᠢᠨ ᠦᠵᠡᠭᠴᠢᠳ ᠤᠨ ᠲᠤᠭ᠎ᠠ 9.6 ᠲᠦᠮᠡᠨ ᠬᠥᠮᠥᠨ ᠤᠳᠠᠭ᠎ᠠ ᠳᠤ ᠭᠦᠷᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号