︵ᠰᠤᠷᠪᠤᠯᠵᠢᠯᠠᠭᠴᠢ ᠦ᠋ ᠽᠢ ᠰᠢᠤᠸᠠᠨ ᠶᠠᠩ ᠶᠦᠩ ᠭᠠᠩ ᠴᠢᠮᠡᠭᠡᠯᠡᠭᠴᠢ ᠯᠢᠦ ᠵᠦᠩ ᡁᠢ︶ | ᠰᠤᠷᠪᠤᠯᠵᠢᠯᠠᠭᠴᠢ ᠬᠤᠲᠠ ᠶᠢᠨ ᠰᠢᠨᠵᠢᠯᠡᠬᠦ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ | ᠡᠳᠦᠷ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠤᠳᠤᠯᠭᠠᠨ ᠳᠡᠯᠭᠡᠷᠡᠭᠦᠯᠦᠯᠲᠡ ᠬᠡᠷᠡᠭᠯᠡᠯᠲᠡ | ᠪᠡᠯᠡ ᠮᠥᠩᠭᠦ︾ ᠶᠢᠨ ᠬᠤᠲᠠ ᠶᠢᠨ ᠳᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠠᠮᠵᠢᠯᠲᠠ ᠲᠠᠢ | ᠳᠠᠩᠰᠠᠯᠠᠭᠤᠯᠵᠤ᠂ ᠪᠦᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ 36᠂ ᠬᠤᠲᠠ ᠶᠢᠨ ᠳᠡᠰ ᠤᠨ 52 | ᠳᠠᠩᠰᠠᠯᠠᠭᠤᠯᠤᠭᠰᠠᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠰᠢᠨ᠎ᠡ ᠪᠠᠷ ᠳᠠᠩᠰᠠᠯᠠᠭᠤᠯᠤᠭᠰᠠᠨ 3 ᠰᠢᠨ᠎ᠡ ᠶᠢ ᠡᠭᠦᠳᠬᠦ ᠬᠤᠯᠪᠣᠭᠠᠲᠤ ᠴᠣᠭᠴᠠ | ᠨᠢ ᠲᠣᠰ ᠲᠣᠰ ᠣᠷᠣᠨ ᠵᠠᠢ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ | ᠬᠢᠭᠡᠳ ᠴᠠᠬᠢᠯᠭᠠᠨ ᠦᠢᠯᠡᠳᠪᠦᠷᠢ ᠶᠢ ᠤᠶᠠᠯᠳᠤᠭᠤᠯᠬᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ | ᠬᠤᠰᠢᠭᠤᠷᠠᠯ ᠰᠢᠨᠵᠢᠯᠡᠬᠦ ᠮᠡᠷᠭᠡᠵᠢᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠢ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠰᠢᠨ᠎ᠡ ᠶᠢ ᠡᠭᠦᠳᠬᠦ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠴᠢᠳᠠᠪᠤᠷᠢ ᠪᠠᠷ ᠴᠢᠩᠭ᠎ᠠ ᠬᠥᠲᠥᠴᠢ ᠠᠵᠤ ᠠᠬᠤᠶᠢᠯᠠᠯ ᠢᠶᠠᠷ | ᠲᠦᠷᠦᠭᠦᠯᠡᠭᠦᠯᠦᠨ᠂ ᠬᠠᠮᠢᠶ᠎ᠠ ᠪᠦᠬᠦᠢ ᠬᠦᠷᠢᠶᠡᠨ ᠳᠠᠬᠢ ᠶᠡᠭᠡ ᠳᠡᠭᠡᠳᠦ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠵᠢᠴᠢ ᠠᠵᠤ ᠦᠢᠯᠡᠰ ᠤᠨ ᠬᠡᠯᠬᠢᠶᠡᠨ ᠤ ᠳᠡᠭᠡᠳᠦ ᠳᠤᠮᠳᠠ ᠳᠣᠣᠷᠠᠳᠤ ᠤᠷᠤᠰᠬᠠᠯ ᠤᠨ | ᠠᠵᠤ ᠠᠬᠤᠶᠢᠯᠠᠯ ᠲᠠᠢ ᠬᠤᠯᠪᠤᠭᠠᠯᠠᠨ ᠬᠠᠮᠲᠤ ᠪᠠᠷ ᠣᠷᠣᠯᠴᠠᠵᠤ᠂ ᠰᠢᠰᠲ᠋ᠧᠮᠵᠢᠭᠰᠡᠨ᠂ ᠡᠭᠦᠷᠭᠡᠲᠦ᠂ ᠨᠡᠭᠡᠭᠡᠯᠲᠡᠲᠤ | ᠮᠠᠶ᠋ᠢᠭ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠶ ᠪᠣᠯᠭᠠᠵᠤ᠂ ᠵᠠᠩᠭᠢᠯᠠᠭ᠎ᠠ ᠶᠢᠨ | ᠨᠡᠶᠢᠲᠡᠯᠢᠭ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠳᠤᠮᠳᠠᠬᠢ ᠲᠤᠷᠰᠢᠯᠲᠠ ᠪᠠ ᠵᠢᠱᠢᠶ᠎ᠡ ᠦᠵᠡᠭᠦᠯᠦᠨ ᠬᠡᠷᠡᠭᠯᠡᠬᠦ ᠶᠢ ᠥᠷᠨᠢᠭᠦᠯᠵᠦ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠴᠠ ᠳᠤᠮᠳᠠᠬᠢ ᠭᠤᠣᠯ ᠴᠣᠭᠴᠠ ᠶᠢᠨ ᠪᠠᠶᠢᠷᠢ | ᠰᠠᠭᠤᠷᠢ ᠶᠢ ᠤᠯᠠᠮ ᠨᠢᠭᠡ ᠠᠯᠬᠤᠮ ᠲᠣᠪᠤᠶᠢᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠲᠥᠯᠥᠭᠡ ᠶᠤᠮ᠃ | | ᠣᠶᠢᠷ᠎ᠠ ᠶᠢᠨ ᠵᠢᠯ ᠤᠳ ᠲᠤ᠂ ᠬᠥᠬᠡᠬᠤᠲᠠ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ - ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ - ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ︾ ᠢ ᠱᠠᠲᠤᠯᠠᠨ ᠪᠣᠶᠢᠵᠢᠭᠤᠯᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠠᠵᠤ | ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠢᠳᠡᠪᠬᠢᠲᠡᠢ | ᠵᠣᠷᠢᠭᠵᠢᠭᠤᠯᠵᠠᠢ᠃ ᠣᠳᠣᠬᠠᠨ ᠳᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠨᠢᠭᠡᠨᠲᠡ | 100% ᠪᠠᠷ ᠠᠵᠤ ᠠᠬᠤᠶᠢᠯᠠᠯ ᠢᠶᠠᠷ ᠲᠦᠷᠦᠭᠦᠯᠡᠭᠦᠯᠦᠨ ᠬᠡᠷᠡᠭᠵᠢᠭᠦᠯᠬᠦ ᠶᠢ ᠪᠡᠶᠡᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠬᠤᠲᠠ ᠶᠢᠨ ᠰᠢᠨᠵᠢᠯᠡᠬᠦ ᠮᠡᠷᠭᠡᠵᠢᠯ ᠤᠨ ᠲᠣᠪᠴᠢᠶ᠎ᠠ ᠦᠷᠭᠦᠯᠵᠢᠯᠡᠨ ᠣᠷᠣᠨ ᠤ ᠲᠥᠪ ᠬᠤᠲᠠ ᠶᠢᠨ | ᠴᠢᠬᠤᠯᠠ ᠶᠡᠭᠡ ᠠᠵᠤ ᠦᠢᠯᠡᠰ ᠤᠨ ᠪᠥᠭᠡᠮᠨᠡᠷᠡᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠣᠶᠢᠵᠢᠭᠤᠯᠤᠨ ᠪᠠᠶᠢᠷᠢᠯᠠᠭᠤᠯᠵᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠳᠤ ᠲᠠᠰᠤᠷᠠᠯᠲᠠ ᠦᠭᠡᠢ ᠬᠥᠳᠡᠯᠭᠡᠬᠦ | ᠬᠦᠴᠦᠨ ᠨᠡᠮᠡᠷᠢᠯᠡᠨ᠎ᠡ᠃ | |