︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠥᠬᠡᠬᠤᠲᠠ ᠶᠢᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ᠂ ᠬᠥᠬᠡᠬᠤᠲᠠ 2024 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠢ ᠬᠡᠷᠡᠭᠵᠢᠭᠦᠯᠵᠡᠢ᠃ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ 91 | ᠲᠦᠷᠦᠯ ᠤᠨ ᠡᠮ ᠤᠨ ᠵᠦᠢᠯ ᠰᠢᠨ᠎ᠡ ᠪᠠᠷ ᠨᠡᠮᠡᠭᠳᠡᠵᠦ᠂ ᠶᠡᠷᠦᠩᠬᠡᠢ ᠲᠤᠭ᠎ᠠ ᠨᠢ 3159 ᠲᠦᠷᠦᠯ ᠪᠣᠯᠪᠠ᠃ | ᠰᠢᠨ᠎ᠡ ᠪᠠᠷ ᠨᠡᠮᠡᠭᠳᠡᠭᠰᠡᠨ ᠡᠮ ᠳᠤ ᠬᠤᠣᠷᠲᠤ ᠬᠠᠪᠤᠳᠠᠷ᠂ ᠰᠢᠬᠢᠷ ᠰᠢᠵᠢᠩ ᠵᠡᠷᠭᠡ ᠤᠳᠠᠭᠠᠨ ᠴᠢᠨᠠᠷᠲᠠᠢ ᠡᠪᠡᠳᠴᠢᠨ᠂ | ᠬᠤᠪᠣᠷ ᠲᠣᠬᠢᠶᠠᠯᠳᠤᠬᠤ ᠡᠪᠡᠳᠴᠢᠨ᠂ ᠬᠠᠯᠳᠠᠪᠤᠷᠢᠯᠠᠬᠤ ᠶᠢ ᠡᠰᠡᠷᠭᠦᠴᠡᠬᠦ ᠪᠠ ᠮᠡᠳᠡᠷᠡᠯ ᠤᠨ ᠡᠪᠡᠳᠴᠢᠨ ᠵᠡᠷᠭᠡ ᠣᠯᠠᠨ | ᠬᠦᠷᠢᠶ᠎ᠡ ᠶᠢ ᠬᠠᠮᠤᠷᠴᠠᠢ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠢᠨ᠎ᠡ ᠪᠠᠷ ᠨᠡᠮᠡᠭᠳᠡᠭᠰᠡᠨ ᠡᠮ ᠤᠨ ᠵᠦᠢᠯ ᠢ | ᠲᠣᠬᠢᠷᠠᠭᠤᠯᠬᠤ ᠶᠢ ᠰᠢᠮᠳᠠᠭᠤᠯᠬᠤ ᠡᠷᠴᠢᠮ ᠢᠶᠠᠨ ᠴᠢᠩᠭᠠᠳᠬᠠᠵᠤ᠂ ᠠᠰᠢᠭᠲᠠᠢ ᠲᠥᠷᠥ ᠶᠢᠨ ᠪᠣᠳᠣᠯᠭ᠎ᠠ ᠶᠢ ᠲᠦᠷᠭᠡᠨ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠡᠭᠦᠨ ᠤ ᠬᠠᠮᠲᠤ᠂ ᠡᠮ ᠤᠨ ᠵᠦᠢᠯ ᠤᠨ ᠮᠥᠷᠳᠡᠨ ᠨᠡᠬᠡᠮᠵᠢᠯᠡᠬᠦ ᠨᠣᠮᠧᠷ ᠢ | ᠨᠠᠶᠢᠳᠠᠪᠤᠷᠢᠵᠢᠭᠤᠯᠵᠤ᠂ ᠪᠥᠬᠦ ᠶᠠᠪᠤᠴᠠ ᠶᠢ ᠮᠥᠷᠳᠡᠵᠦ ᠪᠣᠯᠬᠤ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠳᠤ ᠰᠠᠭᠤᠷᠢ ᠲᠠᠯᠪᠢᠨ᠎ᠠ᠃ | |