︵ᠰᠤᠷᠪᠤᠯᠵᠢᠯᠠᠭᠴᠢ ᠦ᠋ ᠽᠢ ᠰᠢᠤᠸᠠᠨ︶ 1 ᠳ᠋ᠦ᠋ᠭᠡᠷ ᠰᠠᠷ᠎ᠠ ᠶᠢᠨ 21 ᠤ ᠡᠳᠦᠷ ᠰᠤᠷᠪᠤᠯᠵᠢᠯᠠᠭᠴᠢ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ | ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠥᠪᠰᠢᠶᠡᠷᠡᠯ ᠢᠶᠠᠷ ᠤᠯᠤᠰ ᠤᠨ ᠡᠪᠡᠰᠦ | ᠪᠡᠯᠴᠢᠭᠡᠷ ᠤᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠪᠡᠯᠡᠳᠬᠡᠯ︶ ᠤᠨ ᠪᠦᠲᠦᠭᠡᠨ | ᠪᠠᠶᠢᠭᠤᠯᠤᠭᠰᠠᠨ ︽ᠤᠯᠤᠰ ᠤᠨ ᠣᠢ ᠰᠢᠭᠤᠢ ᠡᠪᠡᠰᠦ ᠤᠷᠭᠤᠮᠠᠯ ᠤᠨ ᠰᠢᠨ᠎ᠡ ᠡᠭᠦᠯᠳᠡᠷ ᠤᠨ ᠬᠥᠬᠡᠬᠤᠲᠠ ᠳᠠᠬᠢ | ᠰᠢᠯᠭᠠᠨ ᠪᠠᠶᠢᠴᠠᠭᠠᠬᠤ ᠥᠷᠲᠡᠭᠡ︾ ᠶᠢ ᠵᠢᠩᠬᠢᠨᠢ ᠪᠠᠷ ᠡᠬᠢᠯᠡᠵᠦ ᠪᠠᠶᠢᠭᠤᠯᠪᠠ᠃ ᠲᠣᠰ ᠲᠠᠪᠴᠠᠩ ᠨᠢ ᠥᠪᠥᠷ | ᠮᠣᠩᠭᠤᠯ ᠤᠨ ᠠᠩᠬᠠᠳᠠᠭᠴᠢ ᠤᠯᠤᠰ ᠤᠨ ᠲᠠᠰ ᠤᠨ ᠣᠶ ᠰᠢᠭᠤᠢ ᠡᠪᠡᠰᠦ ᠤᠷᠭᠤᠮᠠᠯ ᠤᠨ ᠰᠢᠨ᠎ᠡ ᠡᠭᠦᠯᠳᠡᠷ ᠢ | ᠰᠢᠯᠭᠠᠨ ᠪᠠᠶᠢᠴᠠᠭᠠᠬᠤ ᠥᠷᠲᠡᠭᠡ ᠪᠣᠯᠬᠤ ᠪᠥᠭᠡᠳ ᠪᠠᠰᠠ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ | ᠰᠢᠰᠲ᠋ᠧᠮ ᠤᠨ ᠠᠩᠬᠠᠳᠠᠭᠴᠢ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠢ ᠰᠢᠯᠭᠠᠨ ᠪᠠᠶᠢᠴᠠᠭᠠᠬᠤ | ᠥᠷᠲᠡᠭᠡ ᠪᠣᠯᠣᠨ᠎ᠠ᠃ | ᠲᠣᠰ ᠰᠢᠯᠭᠠᠨ ᠪᠠᠶᠢᠴᠠᠭᠠᠬᠤ ᠥᠷᠲᠡᠭᠡ ᠨᠢ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠤᠨ | ᠡᠷᠬᠡ ᠶᠢᠨ ᠬᠠᠮᠠᠭᠠᠯᠠᠯᠲᠠ ᠪᠠ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠪᠡᠯᠡᠳᠬᠡᠯ︶ ᠤᠨ ᠬᠠᠮᠵᠢᠯᠴᠠᠨ ᠰᠢᠨ᠎ᠡ ᠶᠢ ᠡᠭᠦᠳᠬᠦ | ᠰᠦᠯᠵᠢᠶ᠎ᠡ ᠳᠤ ᠲᠦᠰᠢᠭᠯᠡᠨ᠂ ᠥᠪᠥᠷ ᠮᠣᠩᠭᠤᠯ ᠳᠤ ᠰᠠᠭᠤᠷᠢᠯᠠᠨ᠂ ᠪᠥᠬᠦ ᠤᠯᠤᠰ ᠢ ᠨᠥᠯᠥᠭᠡᠯᠡᠵᠦ᠂ ᠮᠠᠨ ᠤ | ᠤᠯᠤᠰ ᠤᠨ ᠡᠪᠡᠰᠦᠨ ᠤ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠪᠡᠰᠦᠨ ᠦᠷ᠎ᠡ ᠶᠢᠨ | ᠦᠢᠯᠡᠰ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠪᠠᠶᠢᠭᠤᠯᠤᠭᠰᠠᠨ ᠤ ᠳᠠᠷᠠᠭ᠎ᠠ | ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠤᠨ DUS ᠶᠢ ᠰᠢᠯᠭᠠᠨ ᠪᠠᠶᠢᠴᠠᠭᠠᠬᠤ᠂ ᠰᠢᠯᠭᠠᠨ | ᠪᠠᠶᠢᠴᠠᠭᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠤᠰᠬᠠᠶᠢᠯᠠᠨ ᠥᠷᠨᠢᠭᠦᠯᠵᠦ᠂ ᠰᠢᠯᠭᠠᠨ ᠪᠠᠶᠢᠴᠠᠭᠠᠬᠤ | ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠵᠤ᠂ ᠡᠪᠡᠰᠦᠨ ᠤ ᠡᠭᠦᠯᠳᠡᠷ ᠤᠨ ᠢᠯᠡᠷᠡᠯ ᠤᠨ ᠬᠡᠯᠪᠡᠷᠢ ᠵᠢᠴᠢ ᠭᠧᠨ ᠤ | ᠬᠡᠯᠪᠡᠷᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠢ | ᠬᠠᠮᠠᠭᠠᠯᠠᠬᠤ᠂ ᠡᠷᠬᠡ ᠶᠢ ᠬᠠᠮᠠᠭᠠᠯᠠᠬᠤ᠂ ᠵᠢᠭᠤᠷᠠᠯᠳᠤᠭᠠᠨ ᠢ ᠮᠠᠭᠠᠳᠯᠠᠨ ᠲᠣᠭᠲᠠᠭᠠᠬᠤ ᠵᠡᠷᠭᠡ ᠦᠢᠯᠡᠴᠢᠯᠡᠭᠡ ᠶᠢ | ᠬᠠᠩᠭᠠᠨ᠎ᠠ᠃ | ᠲᠠᠷᠠᠭᠠᠴᠢ ᠶᠢᠨ ᠠᠯᠬᠤᠮ ᠳᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ︵ᠪᠡᠯᠡᠳᠬᠡᠯ︶ ᠨᠢ ᠰᠢᠯᠭᠠᠨ ᠪᠠᠶᠢᠴᠠᠭᠠᠬᠤ ᠥᠷᠲᠡᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠷᠡᠭᠯᠡᠭᠡᠨ ᠤ | ᠦᠷ᠎ᠡ ᠪᠦᠲᠦᠭᠡᠯ ᠳᠤ ᠲᠦᠰᠢᠭᠯᠡᠨ᠂ ᠡᠪᠡᠰᠦᠨ ᠤ ᠲᠥᠷᠥᠯ ᠤᠨ ᠤᠷᠭᠤᠮᠠᠯ ᠤᠨ ᠰᠢᠨ᠎ᠡ ᠡᠭᠦᠯᠳᠡᠷ ᠢ ᠰᠢᠯᠭᠠᠨ | ᠪᠠᠶᠢᠴᠠᠭᠠᠬᠤ ᠳᠤᠲᠠᠭᠤᠳᠠᠯ ᠢ ᠨᠥᠬᠦᠪᠦᠷᠢᠯᠡᠵᠦ᠂ ᠬᠢᠨᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ | ᠡᠴᠦᠰ ᠲᠡᠭᠡᠨ ᠤᠯᠠᠨ ᠤᠯᠤᠰ ᠤᠨ ᠪᠠᠷᠢᠮᠵᠢᠶᠠᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ᠂ ᠪᠡᠶ᠎ᠡ ᠪᠠᠨ | ᠳᠠᠭᠠᠭᠠᠭᠰᠠᠨ ᠠᠮᠤᠷ ᠲᠦᠪᠰᠢᠨ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ ᠰᠢᠯᠭᠠᠨ ᠪᠠᠶᠢᠴᠠᠭᠠᠬᠤ | ᠥᠷᠲᠡᠭᠡ ᠶᠢ ᠪᠠᠶᠢᠭᠤᠯᠵᠤ᠂ ︽ᠭᠤᠷᠪᠠᠨ ᠤᠮᠠᠷᠠᠲᠤ ᠶᠢᠨ ᠢᠨᠵᠧᠨᠧᠷᠢᠩ︾ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | | |