︵ᠰᠤᠷᠪᠤᠯᠵᠢᠯᠠᠭᠴᠢ ᠶᠦᠨ ᠶᠠᠨ ᠹᠠᠩ︶ 1 ᠳ᠋ᠦ᠋ᠭᠡᠷ ᠰᠠᠷ᠎ᠠ ᠶᠢᠨ 22 ᠤ ᠡᠳᠦᠷ᠂ ᠣᠷᠣᠰ ᠠᠴᠠ 50 ᠴᠢᠩᠭᠡᠯᠢᠭ | ᠮᠠᠭᠠᠵᠢ ᠶᠢᠨ ᠦᠷ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠪᠤᠴᠠᠬᠤ ᠵᠢᠰᠢᠶᠠᠨ ᠤ ᠭᠠᠯᠲᠤ ᠲᠡᠷᠭᠡ | ᠬᠥᠬᠡᠬᠤᠲᠠ ᠶᠢᠨ ᠲᠢᠶᠧ ᠲᠦᠩ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠠᠢ ᠭᠧ ᠮᠦ ᠥᠷᠲᠡᠭᠡᠨ ᠳᠤ | ᠬᠦᠷᠴᠦ᠂ ᠳᠠᠷᠠᠭ᠎ᠠ ᠨᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠪᠥᠷ ᠮᠣᠩᠭᠤᠯ ᠤᠨ | ᠴᠧᠨ ᠭᠤᠸᠠᠩ ᠠᠮᠤ ᠲᠣᠰᠣᠨ ᠤ ᠬᠢᠵᠠᠭᠠᠷᠲᠤ ᠺᠣᠮᠫᠠᠨᠢ ᠳᠤ ᠣᠷᠣᠵᠤ᠂ ᠬᠥᠬᠡᠬᠤᠲᠠ ᠶᠢᠨ ᠠᠩᠬᠠᠳᠠᠭᠴᠢ ᠳᠤᠮᠳᠠᠳᠤ | ᠡᠸᠦ᠋ᠷᠦᠫᠡ ᠶᠢᠨ ᠪᠤᠴᠠᠬᠤ ᠵᠢᠰᠢᠶᠠᠨ ᠤ ᠭᠠᠯᠲᠤ ᠲᠡᠷᠭᠡᠨ ᠤ ᠭᠠᠶᠢᠯᠢ ᠪᠠᠲᠤᠯᠠᠵᠤ ᠪᠣᠯᠪᠠᠰᠤᠷᠠᠭᠤᠯᠬᠤ ᠠᠵᠢᠯ ᠢ | ᠠᠮᠵᠢᠯᠲᠠ ᠲᠠᠢ ᠨᠠᠶᠢᠳᠠᠪᠤᠷᠢᠵᠢᠭᠤᠯᠵᠠᠢ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠶᠢᠯᠢ | ᠪᠠᠲᠤᠯᠠᠵᠤ ᠪᠣᠯᠪᠠᠰᠤᠷᠠᠭᠤᠯᠬᠤ ᠳᠠᠪᠠᠭᠤᠯᠢᠭ ᠬᠢᠭᠡᠳ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ | ᠥᠨᠳᠥᠷ ᠪᠦᠲᠦᠮᠵᠢᠲᠡᠢ ᠵᠥᠭᠡᠭᠡᠪᠦᠷᠢᠯᠡᠬᠦ ᠴᠢᠳᠠᠪᠤᠷᠢ ᠶᠢ ᠲᠡᠭᠦᠰ ᠤᠶᠠᠯᠳᠤᠭᠤᠯᠬᠤ ᠶᠢ ᠬᠦᠴᠦᠲᠡᠢ ᠠᠬᠢᠭᠤᠯᠵᠤ᠂ | ︽ᠬᠤᠶᠠᠷ ᠲᠠᠯ᠎ᠠ ᠪᠠᠷ ᠢᠶᠠᠨ ᠢᠷᠡᠵᠦ ᠶᠠᠪᠤᠬᠤ᠂ ᠬᠠᠷᠢᠯᠴᠠᠨ ᠬᠤᠯᠪᠤᠭᠠᠯᠠᠨ ᠨᠡᠪᠲᠡᠷᠡᠯᠴᠡᠬᠦ᠂ ᠠᠵᠤ ᠦᠢᠯᠡᠰ ᠬᠠᠮᠲᠤᠷᠠᠨ | ᠬᠥᠳᠡᠯᠦᠯᠴᠡᠬᠦ︾ ᠳᠤᠮᠳᠠᠳᠤ ᠡᠸᠦ᠋ᠷᠦᠫᠡ ᠶᠢᠨ ᠠᠵᠤ ᠠᠬᠤᠢ ᠶᠢᠨ ᠬᠤᠩᠭᠢᠯ ᠢ ᠪᠠᠶᠢᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠵᠢᠰᠢᠶᠠᠨ ᠤ ᠭᠠᠯᠲᠤ ᠲᠡᠷᠭᠡ ᠨᠢ ᠣᠷᠣᠰ ᠤᠨ ᠰᠢᠨ᠎ᠡ ᠰᠢᠪᠧᠷᠢᠶ᠎ᠠ ᠠᠴᠠ | ᠵᠥᠭᠡᠭᠡᠪᠦᠷᠢᠯᠡᠵᠦ᠂ ᠺᠠᠽᠠᠭᠰᠲ᠋ᠠᠨ ᠤ ᠪᠣᠭᠤᠮᠲᠠ ᠪᠠᠷ ᠥᠩᠭᠡᠷᠡᠵᠦ᠂ ᠪᠦᠬᠦ ᠶᠠᠪᠤᠴᠠ ᠨᠢ 4661 ᠺᠢᠯᠣᠮᠧᠲᠷ᠂ ᠶᠡᠷᠦᠩᠬᠡᠢ | ᠪᠠᠷᠠᠭᠠᠨ ᠤ ᠥᠷᠲᠡᠭ ᠨᠢ 540 ᠭᠠᠷᠤᠢ ᠲᠦᠮᠡᠨ ᠲᠥᠭᠦᠷᠢᠭ ᠬᠦᠷᠴᠦ᠂ 20 ᠡᠳᠦᠷ ᠤᠨ ᠳᠣᠲᠣᠷ᠎ᠠ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠦᠷᠴᠦ᠂ ᠲᠤᠬᠠᠢ ᠶᠢᠨ ᠭᠠᠵᠠᠷ ᠤᠨ ᠠᠵᠤ | ᠠᠬᠤᠶᠢᠯᠠᠯ ᠳᠤ ᠨᠢᠭᠡ ᠵᠦᠢᠯ ᠤᠨ ᠴᠣ ᠰᠢᠨ᠎ᠡ ︽ᠡᠭᠦᠳᠡ ᠬᠤᠯᠪᠣᠭᠰᠠᠨ︾ ᠤᠯᠠᠨ ᠤᠯᠤᠰ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠠᠷᠭ᠎ᠠ ᠬᠡᠯᠪᠡᠷᠢ ᠶᠢ ᠬᠠᠩᠭᠠᠭᠰᠠᠨ ᠪᠠᠶᠢᠨ᠎ᠠ᠃ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ | ᠰᠢᠯᠢᠳᠡᠭᠵᠢᠭᠦᠯᠵᠦ᠂ ᠪᠤᠴᠠᠬᠤ ᠵᠠᠮ᠂ ᠪᠤᠴᠠᠬᠤ ᠡᠭᠡᠯᠵᠢ ᠶᠢᠨ ᠵᠢᠰᠢᠶᠠᠨ ᠤ ᠭᠠᠯᠲᠤ ᠲᠡᠷᠭᠡ ᠶᠢᠨ ᠬᠤᠣᠰ ᠴᠢᠭᠯᠡᠯᠲᠦ | ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2024 ᠣᠨ ᠠᠴᠠ ᠨᠠᠭᠠᠰᠢ᠂ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠡᠸᠦ᠋ᠷᠦᠫᠡ ᠲᠢᠪ ᠪᠣᠯᠣᠨ ᠳᠤᠮᠳᠠᠳᠤ ᠠᠽᠢᠶ᠎ᠠ ᠶᠢᠨ ᠭᠠᠵᠠᠷ ᠣᠷᠣᠨ ᠤ | ᠵᠠᠬ᠎ᠠ ᠳᠡᠯᠭᠡᠭᠦᠷ ᠢ ᠭᠦᠨᠵᠡᠭᠡᠢ ᠨᠡᠭᠡᠭᠡᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ | ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠲᠣᠭᠤᠷᠢᠨ ᠪᠣᠯᠣᠨ ᠵᠢᠰᠢᠶᠠᠨ ᠤ ᠭᠠᠯᠲᠤ | ᠲᠡᠷᠭᠡ ᠶᠢᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠲᠥᠰᠥᠯ ᠢ ᠰᠢᠯᠢᠳᠡᠭᠵᠢᠭᠦᠯᠵᠦ᠂ ᠬᠤᠯᠪᠤᠭᠠᠯᠠᠨ | ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠰᠢᠯᠤᠭᠤᠳᠬᠠᠵᠤ᠂ ᠬᠦᠷᠭᠡᠬᠦ᠂ ᠠᠴᠢᠶᠠᠯᠠᠵᠤ ᠪᠠᠭᠤᠯᠭᠠᠬᠤ᠂ | ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠬᠦᠴᠦᠨ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤ ᠪᠠᠷ ᠡᠳ᠋ᠯᠡᠵᠦ᠂ | ᠲᠡᠷᠭᠡ ᠬᠥᠰᠬᠡ᠂ ᠵᠠᠮ ᠱᠤᠭᠤᠮ᠂ ᠬᠥᠮᠥᠰ ᠤᠨ ᠪᠡᠯᠡᠳᠬᠡᠯ ᠢ ᠤᠷᠢᠳᠴᠢᠯᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠵᠦ᠂ ᠪᠠᠷᠠᠭᠠᠨ ᠤ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ | ᠰᠠᠭᠤᠷᠢᠨ ᠳᠡᠭᠡᠷ᠎ᠡ᠂ ᠪᠤᠴᠠᠬᠤ ᠡᠭᠡᠯᠵᠢ ᠶᠢᠨ ᠭᠠᠯᠲᠤ ᠲᠡᠷᠭᠡ ᠶᠢ ᠨᠡᠮᠡᠨ ᠨᠡᠭᠡᠭᠡᠵᠦ᠂ ᠤᠯᠠᠨ ᠤᠯᠤᠰ ᠤᠨ ᠵᠢᠰᠢᠶᠠᠨ ᠤ | ᠭᠠᠯᠲᠤ ᠲᠡᠷᠭᠡ ᠶᠢ ᠥᠨᠳᠥᠷ ᠪᠦᠲᠦᠮᠵᠢᠲᠡᠢ ᠪᠠᠷ ᠵᠥᠭᠡᠭᠡᠪᠦᠷᠢᠯᠡᠬᠦ ᠶᠢ ᠪᠠᠲᠤᠯᠠᠪᠠ᠃ 2024 ᠣᠨ ᠳᠤ᠂ ᠭᠠᠶᠢᠯᠢ | ᠪᠠᠲᠤᠯᠠᠬᠤ ᠣᠷᠣᠨ ᠨᠢ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ | ᠠᠵᠢᠯᠯᠠᠭᠠᠨ ᠤ ᠶᠠᠰᠤ ᠴᠢᠨᠠᠷ ᠦᠷ᠎ᠡ ᠠᠰᠢᠭ᠂ ᠵᠠᠩᠭᠢᠯᠠᠭ᠎ᠠ ᠶᠢᠨ ᠴᠢᠳᠠᠮᠵᠢ᠂ ᠨᠡᠪᠲᠡᠷᠡᠬᠦ ᠵᠠᠮ ᠰᠦᠯᠵᠢᠶ᠎ᠡ᠂ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠠᠯᠢ ᠣᠯᠠᠨ ᠦᠷ᠎ᠡ ᠪᠦᠲᠦᠭᠡᠯ ᠣᠯᠵᠤ᠂ ᠳᠤᠮᠳᠠᠳᠤ | ᠡᠸᠦ᠋ᠷᠦᠫᠡ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠠᠵᠢᠯ ᠳᠤ ᠨᠡᠶᠢᠲᠡ 49 ᠴᠤᠪᠤᠭ᠎ᠠ ᠲᠡᠷᠭᠡ | ᠬᠦᠷᠴᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠲᠤᠭ᠎ᠠ ᠶᠢ 7.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠲᠡᠭᠡᠭᠡᠪᠦᠷᠢ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠣᠰ ᠤᠳᠠᠭᠠᠨ ᠤ ᠳᠤᠮᠳᠠᠳᠤ | ᠡᠸᠦ᠋ᠷᠦᠫᠡ ᠶᠢᠨ ᠪᠤᠴᠠᠬᠤ ᠵᠢᠰᠢᠶᠠᠨ ᠤ ᠭᠠᠯᠲᠤ ᠲᠡᠷᠭᠡ ᠶᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠲᠤᠬᠠᠶᠢᠯᠠᠭᠰᠠᠨ | ᠠᠵᠢᠯ ᠨᠢ ᠣᠷᠣᠨ ᠤ ᠲᠥᠪ ᠬᠤᠲᠠ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠳᠤ | ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ᠂ ᠠᠷᠪᠢᠲᠠᠢ ᠪᠥᠭᠡᠳ ᠥᠨᠳᠥᠷ ᠪᠦᠲᠦᠮᠵᠢᠲᠡᠶ ᠪᠠᠷᠠᠭᠠᠨ ᠤ | ᠭᠦᠢᠯᠭᠡᠭᠡᠨ ᠤ ᠠᠷᠭ᠎ᠠ ᠵᠠᠮ ᠢ ᠠᠪᠴᠢᠷᠠᠵᠤ᠂ ᠨᠠᠩ ᠣᠯᠠᠨ ᠠᠵᠤ ᠦᠢᠯᠡᠰ ᠤᠨ ᠲᠠᠰ ᠳᠡᠪᠰᠢᠬᠦ ᠶᠢ ᠪᠦᠲᠦᠮᠵᠢᠲᠡᠶ | ᠳᠠᠶᠢᠴᠢᠯᠠᠬᠤ ᠪᠣᠯᠣᠨ᠎ᠠ᠃ | ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ | ᠦᠷᠭᠦᠯᠵᠢᠯᠡᠨ ᠬᠥᠬᠡᠬᠤᠲᠠ ᠶᠢᠨ ᠤᠯᠠᠨ ᠤᠯᠤᠰ ᠤᠨ ᠬᠠᠭᠤᠷᠠᠢ ᠭᠠᠷᠠᠮ ᠤᠨ ᠳᠤᠮᠳᠠᠳᠤ ᠡᠸᠦ᠋ᠷᠦᠫᠡ᠂ ᠳᠤᠮᠳᠠᠳᠤ | ᠠᠽᠢᠶ᠎ᠠ ᠶᠢᠨ ᠭᠠᠯᠲᠤ ᠲᠡᠷᠭᠡᠨ ᠤ ᠲᠦᠷᠦᠯ ᠲᠡᠮᠳᠡᠭ ᠢ ᠪᠠᠶᠢᠭᠤᠯᠬᠤ ᠶᠢᠨ ᠲᠣᠭᠤᠷᠢᠨ ᠳᠤ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡᠨ ᠤ ᠦᠢᠯᠡᠴᠢᠯᠡᠭᠡᠨ ᠤ ᠳᠠᠭᠠᠭᠠᠴᠠ ᠶᠢ ᠲᠦᠷᠭᠡᠨ ᠳᠡᠭᠡᠭᠰᠢᠯᠡᠭᠦᠯᠵᠦ᠂ ᠲᠡᠭᠡᠭᠡᠪᠦᠷᠢ ᠶᠢᠨ | ᠦᠷ᠎ᠡ ᠪᠦᠲᠦᠮᠵᠢ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠵᠣᠬᠢᠴᠠᠭᠰᠠᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠰᠢᠰᠲ᠋ᠧᠮᠵᠢ ᠶᠢ ᠲᠦᠷᠭᠡᠨ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠵᠦ᠂ ᠮᠠᠨ ᠤ ᠬᠤᠳᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ |