ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠳ᠋ᠪ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠳ᠋ᠦ᠋ᠭᠡᠷ ᠰᠠᠷ᠎ᠠ ᠶᠢᠨ 20 ᠤ ᠡᠳᠦᠷ ᠤᠨ | ᠦᠳᠡ ᠶᠢᠨ ᠬᠤᠶᠢᠨ᠎ᠠ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠥᠯᠥᠭᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾ ᠤᠨ | ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃ | ᠰᠠᠭᠤᠳᠠᠯ ᠤᠨ ᠬᠤᠷᠠᠯ ᠳᠡᠭᠡᠷ᠎ᠡ᠂ ᠵᠠᠩ ᠬᠤᠢ᠂ ᠷᠧᠨ ᠱᠤᠤ ᠪᠥᠸᠧ᠂ ᠯᠢᠦ ᠵᠢᠶᠦ᠋ᠨ᠂ ᠯᠢᠶᠠᠩ ᠸᠧᠨ ᠹᠧᠩ᠂ ᠸᠧᠢ ᠬᠤᠩ | ᠰᠢᠩ᠂ ᠴᠧᠨ ᠰᠢᠤᠸᠠᠢ ᠳ᠋ᠦᠩ᠂ ᠴᠧᠨ ᠬᠤᠩ ᠶᠠᠨ᠂ ᠳ᠋ᠦ᠋ ᠪᠢᠨ᠂ ᠽᠧᠦ ᠵᠢᠩ ᠶᠤᠸᠠᠨ ᠨᠠᠷ ᠤᠷᠢᠳ ᠬᠤᠵᠢᠳ ᠦᠭᠡ ᠬᠡᠯᠡᠪᠡ᠃ | ᠨᠢᠳᠤᠨᠤᠨ ᠭᠠᠳᠠᠭᠠᠳᠤ ᠶᠢᠨ ᠳᠠᠷᠤᠯᠲᠠ ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠨᠠᠷᠢᠨ ᠪᠤᠳᠤᠯᠢᠶᠠᠨᠲᠠᠢ | ᠪᠠᠶᠢᠳᠠᠯ ᠤᠨ ᠡᠮᠦᠨ᠎ᠡ᠂ ᠮᠠᠨ ᠤ ᠤᠯᠤᠰ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ | ᠡᠭᠦᠳᠦᠯᠲᠡ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠡᠶᠢᠲᠡᠯᠡᠨ᠂ ᠠᠵᠤ ᠠᠬᠤᠢ ᠶᠢᠨ | ᠲᠠᠯ᠎ᠠ ᠳᠤ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ | ᠵᠠᠬ᠎ᠠ ᠳᠡᠯᠭᠡᠭᠦᠷ ᠤᠨ ᠵᠢᠱᠢᠯᠲᠡ ᠪᠠ ᠨᠡᠶᠢᠭᠡᠮ ᠤᠨ ᠢᠲᠡᠭᠡᠯ ᠵᠣᠷᠢᠭ ᠪᠦᠲᠦᠮᠵᠢᠲᠡᠶ ᠳᠡᠭᠡᠭᠰᠢᠯᠡᠵᠦ᠂ ᠣᠯᠣᠭᠰᠠᠨ ᠠᠮᠵᠢᠯᠲᠠ | ᠪᠦᠲᠦᠮᠵᠢ ᠴᠦ ᠬᠢᠯᠪᠠᠷ ᠪᠤᠰᠤ ᠶᠤᠮ ᠭᠡᠵᠦ ᠣᠯᠠᠨ ᠢᠶᠠᠷ ᠢᠶᠠᠨ ᠦᠵᠡᠵᠡᠭᠡᠪᠡ᠃ ᠣᠯᠠᠨ ᠢᠶᠠᠷ ᠢᠶᠠᠨ ᠪᠠᠰᠠ | ᠥᠪᠡᠷᠰᠡᠳ ᠤᠨ ᠢᠶᠠᠨ ᠬᠦᠷᠢᠶ᠎ᠡ ᠯᠦᠭᠡ ᠤᠶᠠᠯᠳᠤᠭᠤᠯᠤᠨ᠂ ᠣᠳᠣᠬᠠᠨ ᠤ ᠬᠥᠭᠵᠢᠯᠲᠡ ᠶᠢᠨ ᠳᠤᠮᠳᠠᠬᠢ ᠠᠰᠠᠭᠤᠳᠠᠯ ᠢ | ᠰᠢᠢᠳᠪᠦᠷᠢᠯᠡᠬᠦ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | | | 1 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠳᠤ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠠ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠥᠯᠥᠭᠡᠯᠡᠭᠴᠢᠳ | ᠯᠦᠭᠡ ᠶᠢᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ | ᠬᠤᠷᠢᠶᠠᠭᠰᠠᠨ ᠨᠣᠣᠷᠠᠭ︶︾ ᠤᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃ ᠰᠢᠨᠬᠤᠸᠠ ᠬᠤᠷᠢᠶᠠᠨ ᠤ | ᠰᠣᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠣᠯᠠᠨ ᠤ ᠶᠠᠷᠢᠶ᠎ᠠ ᠶᠢ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠬᠤ ᠳᠤ ᠪᠠᠨ᠂ ᠥᠩᠭᠡᠷᠡᠭᠰᠡᠨ | ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠥᠬᠦ ᠤᠯᠤᠰ ᠢᠶᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ | ᠳᠠᠪᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠥᠭᠡᠳ ᠲᠣᠭᠲᠠᠭᠤᠨ ᠤ ᠳᠤᠮᠳᠠ | ᠤᠷᠤᠭᠰᠢᠯᠠᠵᠤ᠂ ᠪᠥᠬᠦ ᠵᠢᠯ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠣᠭᠲᠠᠭᠤᠨ︾ ᠤ ᠰᠠᠭᠤᠷᠢ ᠨᠠᠩ ᠪᠠᠬᠢᠵᠢᠵᠦ᠂ | ︽ᠤᠷᠤᠭᠰᠢᠯᠠᠯᠲᠠ︾ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭᠠᠷᠠᠪᠠ᠃ ᠡᠭᠦᠨ ᠤ ᠬᠠᠮᠲᠤ᠂ ᠮᠠᠨ ᠤ ᠤᠯᠤᠰ ᠤᠨ | ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ᠂ ᠢᠯᠠᠩᠭᠤᠶ᠎ᠠ ᠭᠠᠳᠠᠭᠠᠳᠤ ᠣᠷᠴᠢᠨ | ᠨᠥᠬᠦᠴᠡᠯ ᠤᠨ ᠲᠣᠭᠲᠠᠪᠤᠷᠢ ᠦᠭᠡᠢ ᠡᠯᠧᠮᠧᠨ᠋ᠲ ᠳᠡᠭᠡᠭᠰᠢᠯᠡᠵᠦ ᠪᠣᠢ᠂ ᠡᠳᠡᠭᠡᠷ ᠪᠠᠶᠢᠳᠠᠯ ᠢ ᠣᠨᠣᠪᠴᠢᠲᠠᠢ ᠡᠵᠡᠮᠳᠡᠵᠦ᠂ ᠠᠶᠤᠯ | ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠳᠤ ᠴᠢᠳᠠᠮᠠᠭᠠᠢ ᠪᠠᠶᠢᠬᠤ ᠬᠡᠷᠡᠭᠲᠡᠢ᠃ ᠮᠠᠨ ᠤ ᠤᠯᠤᠰ ᠲᠤ | ᠪᠠᠶᠢᠭᠤᠯᠤᠯ᠂ ᠵᠠᠬ᠎ᠠ ᠳᠡᠯᠭᠡᠭᠦᠷ᠂ ᠠᠵᠤ ᠦᠢᠯᠡᠰ᠂ ᠴᠢᠳᠠᠪᠤᠷᠢᠲᠠᠨ ᠵᠡᠷᠭᠡ ᠶᠡᠷᠦᠩᠬᠡᠶᠢᠯᠡᠭᠰᠡᠨ ᠳᠠᠪᠠᠭᠤᠯᠢᠭ ᠲᠠᠢ ᠪᠠᠶᠢᠵᠤ᠂ ᠠᠵᠤ | ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠮᠥᠷᠲᠡᠭᠡᠨ ᠬᠤᠪᠢᠷᠠᠬᠤ | ᠴᠤ ᠦᠭᠡᠢ ᠶᠤᠮ᠂ ᠥᠪᠡᠷ ᠤᠨ ᠠᠵᠢᠯ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠳᠡᠭ ᠯᠡ ᠶᠤᠮ ᠪᠣᠯ ᠮᠠᠨ ᠤ | ᠤᠯᠤᠰ ᠤᠨ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠯᠠᠪᠲᠠᠢ ᠠᠬᠢᠭᠤᠯᠵᠤ ᠴᠢᠳᠠᠨ᠎ᠠ ᠭᠡᠵᠡᠢ᠃ | | ᠯᠢ ᠴᠢᠶᠠᠩ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠡᠳ᠋ ᠤᠨ ᠵᠠᠰᠠᠭ ᠤᠨ | ᠲᠦᠷᠦ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠤᠷᠤᠭᠰᠢ ᠪᠠᠨ ᠬᠦᠴᠦᠯᠡᠵᠦ᠂ ᠪᠣᠳᠠᠲᠠᠢ ᠵᠠᠷᠤᠯᠭ᠎ᠠ ᠶᠢ ᠲᠦᠷᠭᠡᠨ | ᠪᠦᠷᠢᠯᠳᠦᠭᠦᠯᠵᠦ᠂ ᠵᠣᠭᠤᠰᠤᠨ ᠤ ᠲᠦᠷᠦ ᠶᠢᠨ ᠪᠣᠳᠣᠯᠭ᠎ᠠ ᠳᠤ ᠬᠥᠳᠡᠯᠦᠩᠭᠦᠢ ᠴᠢᠨᠠᠷ ᠢᠶᠠᠨ ᠭᠦᠢᠴᠡᠳ ᠪᠠᠶᠢᠯᠭᠠᠬᠤ ᠶᠢ | ᠪᠠᠲᠤᠯᠠᠨ᠂ ᠪᠡᠯᠡ ᠮᠥᠩᠭᠦ ᠶᠢ ᠪᠣᠳᠠᠲᠤ ᠴᠣᠭᠴᠠ ᠶᠢᠨ ᠠᠵᠤ ᠠᠬᠤᠢ ᠲᠡᠶᠢᠰᠢ ᠭᠦᠢᠴᠡᠳ ᠰᠢᠯᠵᠢᠬᠦ ᠶᠢ ᠠᠬᠢᠭᠤᠯᠵᠤ᠂ | ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠬᠤᠯᠠᠴᠢᠯᠠᠵᠤ᠂ ᠥᠷᠢᠰᠦᠯᠳᠦᠭᠡᠨ ᠢ ᠠᠷᠭᠠᠴᠠᠭᠠᠬᠤ᠂ | ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ | ᠡᠭᠦᠨ ᠤ ᠬᠠᠮᠲᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠶᠢ ᠲᠠᠭᠠᠨ ᠮᠥᠷᠳᠡᠵᠦ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠠᠮ | ᠠᠷᠭ᠎ᠠ ᠬᠡᠮᠵᠢᠶ᠎ᠡ ᠶᠢ ᠭᠦᠢᠴᠡᠳ ᠲᠡᠭᠦᠯᠳᠡᠷᠵᠢᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ ᠲᠦᠭᠵᠢᠷᠡᠯ ᠢ ᠨᠡᠪᠲᠡᠷᠡᠭᠦᠯᠬᠦ ᠶᠢᠨ ᠲᠣᠭᠤᠷᠢᠨ ᠳᠤ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠪᠦᠲᠦᠭᠡᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ᠂ ᠭᠠᠭᠴᠠ ᠲᠠᠯ᠎ᠠ ᠪᠠᠷ ᠨᠡᠭᠡᠭᠡᠯᠲᠡ ᠬᠢᠬᠦ ᠶᠢ ᠡᠮᠬᠢ ᠵᠢᠷᠤᠮ ᠲᠠᠢ | ᠥᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ ᠬᠠᠭᠤᠴᠢᠨ | ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠳᠤ ᠰᠢᠪᠲᠤᠯᠤᠯᠲᠠ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢᠶᠠᠨ ᠠᠵᠤ ᠦᠢᠯᠡᠰᠵᠢᠭᠦᠯᠬᠦ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠠᠵᠤ ᠠᠬᠤᠢ ᠶᠢᠨ ᠰᠢᠨ᠎ᠡ | ᠨᠡᠮᠡᠭᠳᠡᠯ ᠴᠡᠭ ᠢ ᠴᠢᠷᠮᠠᠶᠢᠨ ᠪᠣᠶᠢᠵᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠨᠡᠩ | ᠴᠢᠷᠮᠠᠶᠢᠨ ᠬᠦᠴᠦᠯᠡᠵᠦ᠂ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠳᠠᠷᠤᠭᠠᠰᠤ ᠪᠠᠨ ᠬᠥᠩᠭᠡᠷᠡᠭᠦᠯᠬᠦ ᠶᠢ ᠨᠢ | ᠠᠬᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠯᠢ ᠴᠢᠶᠠᠩ᠂ ᠤᠯᠠᠨ ᠢᠶᠠᠷ ᠢᠶᠠᠨ ᠥᠪᠡᠷᠰᠡᠳ ᠤᠨ ᠢᠶᠠᠨ ᠬᠦᠷᠢᠶᠡᠨ ᠳᠤ ᠪᠠᠨ ᠬᠦᠴᠦᠯᠡᠨ ᠴᠢᠷᠮᠠᠶᠢᠵᠤ᠂ ᠠᠵᠢᠯ ᠬᠢᠵᠦ | ᠦᠢᠯᠡᠰ ᠪᠣᠰᠬᠠᠬᠤ ᠶᠢᠨ ᠬᠠᠮᠲᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠨᠡᠩ ᠤᠯᠠᠨ | ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ ᠦ᠋ ᠵᠧᠩ ᠯᠦᠩ | ᠰᠠᠭᠤᠳᠠᠯ ᠤᠨ ᠬᠤᠷᠠᠯ ᠳᠤ ᠣᠷᠣᠯᠴᠠᠪᠠ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾ ᠨᠢ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠠᠴᠠ ᠵᠡᠷᠭᠡ ᠳᠤ ᠨᠢ ᠰᠠᠨᠠᠯ ᠬᠤᠷᠢᠶᠠᠪᠠ᠃ |