ᠨᠡᠶᠢᠭᠡᠮ ᠲᠣᠭᠤᠷᠢᠭ ᠤᠨ ᠤᠶᠤᠨ ᠰᠠᠨᠠᠭ᠎ᠠ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ | ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠬᠥᠭᠵᠢᠯᠲᠡ ᠵᠠᠰᠠᠯᠲᠠ ᠶᠢᠨ ᠵᠣᠷᠢᠭ ᠰᠠᠨᠠᠭ᠎ᠠ ᠶᠢ ᠬᠥᠲᠥᠯᠥᠨ | ᠳᠠᠭᠠᠭᠤᠯᠵᠤ᠂ ᠪᠣᠯᠪᠠᠰᠤᠨ ᠡᠶ᠎ᠡ ᠵᠣᠬᠢᠴᠠᠩᠭᠤᠢ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠰᠣᠶᠣᠯ ᠤᠨ | ᠠᠭᠤᠷ ᠠᠮᠢᠰᠬᠤᠯ ᠢ ᠪᠤᠢ ᠪᠣᠯᠭᠠᠵᠤ᠂ ᠰᠠᠭᠤᠭᠠᠯᠢ ᠠᠷᠠᠳ ᠤᠨ ᠢᠳᠡᠪᠬᠢᠲᠡᠢ ᠠᠮᠢᠳᠤᠷᠠᠯ ᠤᠨ ᠳᠦᠷᠰᠦ ᠪᠠᠶᠢᠳᠠᠯ ᠢ | ᠳᠡᠯᠭᠡᠨ ᠦᠵᠡᠭᠦᠯᠬᠦ ᠶᠢᠨ ᠲᠥᠯᠥᠭᠡ᠂ ᠬᠠᠶᠢᠯᠠᠷ ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠪᠦᠯᠬᠦᠮ᠂ ᠪᠠᠶᠠᠷ | ᠪᠠᠶᠠᠰᠬᠤᠯᠠᠩᠲᠤ ᠪᠥᠵᠢᠭ ᠤᠨ ᠠᠩᠭᠢ ᠲᠠᠢ ᠬᠠᠮᠲᠤᠷᠠᠨ ︽ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ | ᠴᠠᠭᠠᠨ ᠰᠠᠷ᠎ᠠ ᠪᠠᠨ ᠪᠠᠶᠠᠷ ᠬᠥᠷ ᠲᠠᠢ ᠥᠯᠵᠡᠢ ᠪᠡᠯᠭᠡ ᠲᠠᠢ ᠤᠭᠲᠤᠬᠤ︾ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠶᠢᠨ ᠠᠵᠢᠯᠯᠠᠭ᠎ᠠ ᠥᠷᠨᠢᠭᠦᠯᠵᠡᠢ᠃ | | ᠲᠣᠭᠯᠠᠯᠲᠠ ᠨᠢ ᠨᠠᠶᠢᠷᠠᠯ ᠳᠠᠭᠤᠤ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠪᠠᠷ ᠬᠥᠰᠢᠭᠡ ᠪᠠᠨ ᠰᠡᠬᠦᠵᠦ᠂ | ᠪᠥᠵᠢᠭ ︽ᠰᠢᠨ᠎ᠡ ᠵᠢᠯ ᠰᠠᠶᠢᠨ ᠤᠤ︾᠂ ᠡᠷᠡᠭᠲᠡᠢ ᠡᠮᠡᠭᠲᠡᠢ ᠶᠢᠨ ᠨᠠᠶᠢᠷᠠᠯ ᠳᠠᠭᠤᠤ ︽ᠵᠣᠯ ᠵᠢᠷᠭᠠᠯ ᠤᠨ ᠵᠠᠮ ᠢᠶᠠᠷ | ᠵᠠᠮᠨᠠᠬᠤ︾ ᠵᠡᠷᠭᠡ 21 ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠠᠭᠤᠯᠭ᠎ᠠ ᠨᠢ ᠰᠢᠨ᠎ᠡ ᠰᠣᠷᠭᠤᠭ᠂ ᠬᠡᠯᠪᠡᠷᠢ ᠨᠢ | ᠣᠯᠠᠨ ᠶᠠᠩᠵᠤ ᠶᠢᠨ ᠪᠠᠶᠢᠵᠤ᠂ ᠦᠵᠡᠭᠴᠢᠳ ᠲᠤ ᠰᠡᠳᠬᠢᠯ ᠪᠠᠶᠠᠰᠤᠮ᠎ᠠ ᠦᠪᠡᠳᠡᠭᠰᠢ ᠨᠠᠶᠢᠷ ᠢ ᠠᠪᠴᠢᠷᠠᠵᠤ᠂ ᠠᠯᠠᠭ᠎ᠠ | ᠲᠡᠰᠢᠯᠲᠡ ᠶᠢᠨ ᠳᠠᠭᠤᠨ ᠲᠠᠰᠤᠷᠠᠯᠲᠠ ᠦᠭᠡᠢ ᠰᠣᠨᠣᠰᠳᠠᠨ᠎ᠠ᠃ | ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ᠂ ᠴᠤᠭ ᠪᠠᠳᠠᠷᠠᠩᠭᠤᠢ | ᠠᠮᠢᠳᠤᠷᠠᠯ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠲᠣᠰ ᠤᠳᠠᠭᠠᠨ ᠤ ᠰᠢᠨ᠎ᠡ ᠵᠢᠯ ᠤᠨ ᠰᠢᠨ᠎ᠡ ᠶᠢᠨ | ᠨᠢᠭᠡᠨ ᠢ ᠪᠡᠯᠭᠡᠯᠡᠬᠦ ᠠᠵᠢᠯᠯᠠᠭ᠎ᠠ ᠨᠢ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠬᠦ ᠶᠢᠨ | ᠬᠠᠮᠲᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠷᠰᠢ | ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠠᠬᠢᠭᠤᠯᠵᠤ᠂ ᠠᠮᠤᠷ ᠠᠮᠤᠭᠤᠯᠠᠩ᠂ | ᠵᠣᠯ ᠵᠢᠷᠭᠠᠯ ᠲᠠᠢ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃ |