ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠬᠦ ᠪᠣᠯ ᠪᠢᠳᠠᠨ ᠤ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2025/1/3
    ᠥᠪᠥᠷ ᠮᠣᠩᠭᠤᠯ ᠳᠤ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠪᠠᠶᠢᠳᠠᠭ᠂ ᠡᠲᠡᠭᠡᠷ ᠥᠪᠡᠷ ᠥᠪᠡᠷ ᠤᠨ ᠣᠨᠴᠠᠯᠢᠭ ᠢᠶᠠᠨ ᠳᠤᠪᠤᠶᠢᠯᠭᠠᠬᠰᠠᠨ ᠬᠤᠪᠣᠷ ᠨᠠᠨᠳᠢᠨ ᠤᠯᠠᠮᠵᠢᠯᠠᠯᠲᠤ ᠰᠣᠶᠣᠯ ᠤᠨ ᠢᠯᠡᠳᠬᠡᠬᠦ ᠭᠡᠯᠪᠡᠷᠢ ᠪᠠ ᠤᠷ᠎ᠠ ᠮᠡᠷᠭᠡᠵᠢᠯ ᠨᠢ ᠥᠪᠥᠷ ᠮᠣᠩᠭᠤᠯ ᠣᠷᠣᠨ ᠤ ᠭᠦᠨ ᠵᠤᠵᠠᠭᠠᠨ ᠲᠡᠦᠬᠡ ᠰᠣᠶᠣᠯ ᠢ ᠲᠥᠯᠥᠭᠡᠯᠡᠵᠦ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠠᠷᠠᠳ ᠣᠯᠠᠨ ᠤ ᠠᠭᠤᠤ ᠶᠡᠭᠡ ᠡᠭᠦᠳᠦᠨ ᠪᠦᠲᠦᠭᠡᠬᠦ ᠬᠦᠴᠦ᠂ ᠬᠡᠲᠦᠶᠢᠳᠦᠭᠰᠡᠨ ᠤᠶᠤᠨ ᠤᠬᠠᠭᠠᠨ᠂ ᠬᠠᠮᠲᠤ ᠶᠢᠨ ᠤᠢ ᠳᠤᠷᠠᠰᠤᠮᠵᠢ ᠶᠢ ᠬᠠᠳᠠᠭᠠᠯᠠᠵᠤ ᠪᠠᠶᠢᠳᠠᠭ᠃ ᠡᠭᠦᠨ ᠢ ᠰᠠᠶᠢᠲᠤᠷ ᠤᠯᠠᠮᠵᠢᠯᠠᠵᠤ ᠰᠠᠶᠢᠲᠤᠷ ᠬᠠᠮᠠᠭᠠᠯᠠᠬᠤ ᠨᠢ ᠮᠠᠨ ᠤ ᠭᠡᠷ ᠣᠷᠣᠨ᠂ ᠮᠠᠨ ᠤ ᠦᠨᠳᠦᠰᠦ ᠪᠠᠨ ᠬᠠᠮᠠᠭᠠᠯᠠᠵᠤ ᠪᠠᠶᠢᠭ᠎ᠠ ᠲᠠᠢ ᠠᠳᠠᠯᠢ ᠶᠤᠮ᠃     ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠨᠠᠷᠢᠨ ᠪᠦᠷᠢᠳᠬᠡᠬᠦ ᠳᠤ ᠭᠡᠯᠪᠡᠷᠢ ᠨᠢ ᠣᠯᠠᠨ᠂ ᠠᠭᠤᠯᠭ᠎ᠠ ᠨᠢ ᠡᠯᠪᠡᠭ ᠪᠠᠶᠢᠳᠠᠭ᠂ ᠲᠡᠭᠦᠨ ᠤ ᠢᠯᠡᠷᠡᠭᠦᠯᠦᠭᠰᠡᠨ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠣᠶᠤᠨ ᠰᠠᠨᠠᠭᠠᠨ ᠤ ᠦᠨ᠎ᠡ ᠥᠷᠲᠡᠭ ᠪᠠ ᠰᠣᠶᠣᠯ ᠤᠨ ᠠᠭᠤᠯᠤᠭᠳᠠᠬᠤᠨ ᠨᠢ ᠰᠣᠶᠣᠯ ᠤᠨ ᠢᠲᠡᠭᠡᠯ ᠢ ᠡᠷᠴᠢᠯᠡᠬᠦ᠂ ᠭᠤᠣᠯ ᠴᠣᠭᠴᠠ ᠶᠢᠨ ᠤᠬᠠᠮᠰᠠᠷ ᠢ ᠴᠢᠩᠭᠠᠳᠬᠠᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ᠃     ᠮᠣᠩᠭᠤᠯ ᠦᠨᠳᠦᠰᠦᠲᠡᠨ ᠤ ᠬᠠᠳᠬᠤᠮᠠᠯ ᠭᠤᠶᠣ ᠰᠠᠶᠢᠬᠠᠨ ᠵᠢᠷᠤᠭ ᠳᠦᠷᠰᠦ᠂ ᠬᠤᠷᠴᠠ ᠢᠯᠭᠠᠷᠠᠮ᠎ᠠ ᠥᠩᠭᠡ ᠪᠤᠳᠤᠭ ᠪᠣᠯᠣᠨ ᠥᠪᠡᠷᠮᠢᠴᠡ ᠤᠷ᠎ᠠ ᠮᠡᠷᠭᠡᠵᠢᠯ ᠢᠶᠠᠷ ᠢᠶᠠᠨ ᠬᠥᠮᠥᠰ ᠤᠨ ᠠᠩᠬᠠᠷᠤᠯ ᠢ ᠲᠠᠲᠠᠵᠤ᠂ ᠬᠤᠯᠠ ᠣᠶᠢᠷ᠎ᠠ ᠳᠠᠭᠠᠨ ᠠᠯᠳᠠᠷᠰᠢᠵᠠᠢ᠃ ᠮᠣᠩᠭᠤᠯ ᠦᠨᠳᠦᠰᠦᠲᠡᠨ ᠤ ᠬᠠᠳᠬᠤᠮᠠᠯ ᠥᠪᠡᠷᠮᠢᠴᠡ ᠤᠷᠠᠯᠢᠭ ᠤᠨ ᠭᠠᠶᠢᠬᠠᠮᠰᠢᠭ ᠪᠠ ᠤᠷᠠᠨ ᠨᠠᠷᠢᠯᠢᠭ ᠮᠡᠷᠭᠡᠵᠢᠯ ᠢᠶᠠᠷ ᠢᠶᠠᠨ ᠬᠠᠮᠠᠭᠠᠯᠠᠬᠤ᠂ ᠤᠯᠠᠮᠵᠢᠯᠠᠬᠤ ᠪᠠ ᠬᠥᠭᠵᠢᠭᠦᠯᠬᠦ ᠰᠡᠳᠬᠢᠯ ᠬᠥᠳᠡᠯᠭᠡᠮ᠎ᠡ ᠦᠯᠢᠭᠡᠷ ᠢ ᠬᠦᠦᠷᠨᠢᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠤᠷᠮ᠎ᠠ ᠰᠡᠳᠬᠢᠯᠭᠡ ᠪᠣᠯᠣᠨ ᠬᠦᠰᠡᠯ ᠡᠷᠡᠮᠡᠯᠵᠡᠯ ᠢ ᠢᠯᠡᠳᠬᠡᠵᠦ ᠪᠠᠶᠢᠨ᠎ᠠ᠃ ᠤᠯᠠᠮᠵᠢᠯᠠᠭᠴᠢ ᠰᠡᠴᠡᠨ ᠤᠷᠠᠯᠠᠵᠤ ᠣᠶᠣᠭᠰᠠᠨ ᠲᠠᠮᠠᠬᠢᠨ ᠬᠠᠪᠲᠠᠭ᠎ᠠ  ᠪᠠᠷ ᠢᠶᠠᠨ ᠳᠠᠮᠵᠢᠭᠤᠯᠤᠨ᠂ ᠠᠷᠠᠳ ᠤᠨ ᠤᠯᠠᠮᠵᠢᠯᠠᠯᠲᠤ ᠤᠷ᠎ᠠ ᠮᠡᠷᠭᠡᠵᠢᠯ ᠤᠨ ᠲᠠᠪᠴᠠᠩ ᠳᠡᠭᠡᠷ᠎ᠡ ᠦᠨ᠎ᠡ ᠦᠷᠲᠡᠭ  ᠢᠶᠠᠨ ᠪᠠᠳᠠᠷᠠᠭᠤᠯᠵᠤ ᠪᠠᠶᠢᠨ᠎ᠠ᠃     ᠲᠡᠭᠡᠪᠡᠯ ᠬᠡᠷᠬᠢᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠤᠨ ᠦᠨ᠎ᠡ ᠦᠷᠲᠡᠭ ᠢ ᠨᠡᠩ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠳᠡᠶᠢᠯᠭᠦ ᠪᠤᠢ︖ ᠰᠣᠶᠣᠯ ᠤᠨ ᠬᠠᠮᠲᠤ ᠶᠢᠨ ᠲᠠᠨᠢᠯᠲᠠ ᠪᠠᠨ ᠪᠠᠲᠤᠳᠬᠠᠵᠤ᠂ ᠰᠣᠶᠣᠯ ᠤᠨ ᠦᠨᠳᠦᠰᠦ ᠶᠢ ᠬᠠᠮᠠᠭᠠᠯᠠᠬᠤ ᠪᠣᠯ ᠴᠤᠷ ᠤᠨ ᠭᠠᠭᠴᠠ ᠵᠠᠮ ᠮᠥᠨ᠃     ᠡᠩ ᠲᠡᠷᠢᠭᠦᠨ ᠳᠤ᠂ ᠰᠣᠶᠣᠯ ᠤᠨ ᠢᠲᠡᠭᠡᠯ ᠢᠶᠠᠨ ᠪᠠᠲᠤ ᠰᠠᠬᠢᠵᠤ᠂ ᠰᠣᠶᠣᠯ ᠤᠨ ᠵᠣᠭᠰᠣᠯᠲᠠ ᠪᠠᠨ ᠪᠠᠲᠤ ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠣᠨᠳᠣᠣᠰᠢᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠣᠯᠣᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠳᠠᠷᠠᠭ᠎ᠠ ᠨᠢ᠂ ᠰᠣᠶᠣᠯ ᠢ ᠬᠠᠮᠠᠭᠠᠯᠠᠨ ᠤᠯᠠᠮᠵᠢᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ  ᠴᠣᠭᠴᠠᠯᠠᠨ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠭᠡᠷᠡᠭᠲᠡᠢ; ᠳᠠᠭᠢᠪᠠᠯ᠂ ᠰᠢᠨ᠎ᠡ ᠠᠷᠭ᠎ᠠ ᠭᠡᠯᠪᠡᠷᠢ ᠶᠢ ᠢᠳᠡᠪᠬᠢᠲᠡᠢ ᠡᠭᠦᠳᠴᠦ᠂ ᠤᠷ᠎ᠠ ᠮᠡᠷᠭᠡᠵᠢᠯ ᠤᠨ ᠤᠯᠠᠮᠵᠢᠯᠠᠭᠴᠢ ᠶᠢ ᠬᠥᠮᠥᠵᠢᠭᠦᠯᠬᠦ ᠪᠠᠨ ᠴᠢᠩᠭᠠᠳᠬᠠᠨ᠂ ᠡᠳᠡᠭᠡᠷ ᠤᠷ᠎ᠠ ᠮᠡᠷᠭᠡᠵᠢᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠣᠲᠣ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠠᠰᠢᠭᠯᠠᠨ᠂ ᠲᠣᠭᠠᠴᠢᠯᠠᠭᠰᠠᠨ ᠲᠠᠪᠴᠠᠩ ᠪᠠ AI ᠮᠡᠷᠭᠡᠵᠢᠯ ᠤᠨ ᠲᠡᠮᠳᠡᠭᠯᠡᠬᠦ ᠪᠠ ᠳᠠᠮᠵᠢᠭᠤᠯᠬᠤ ᠪᠠᠷ ᠳᠠᠮᠵᠢᠨ᠂ ᠨᠠᠩ ᠣᠯᠠᠨ ᠬᠥᠮᠥᠨ ᠳᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠣᠶᠢᠯᠠᠭᠠᠭᠤᠯᠬᠤ ᠶᠢᠨ ᠬᠠᠮᠲᠤ ᠲᠡᠳᠡᠨ ᠢ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠣᠷᠣᠯᠴᠠᠭᠤᠯᠬᠤ ᠭᠡᠷᠡᠭᠲᠡᠶ; ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠵᠢᠭᠤᠯᠴᠢᠯᠠᠯ᠂ ᠰᠣᠶᠣᠯ ᠤᠨ ᠪᠦᠲᠦᠭᠡᠯᠴᠢ ᠠᠵᠤ ᠦᠢᠯᠡᠰ ᠯᠦᠭᠡ ᠭᠦᠨᠵᠡᠭᠡᠢ ᠠᠭᠤᠰᠤᠯᠴᠠᠭᠤᠯᠬᠤ ᠶᠢ ᠬᠠᠶᠢᠨ ᠰᠦᠪᠡᠭᠴᠢᠯᠡᠵᠦ᠂ ᠣᠷᠣᠨ ᠪᠦᠰᠡ ᠶᠢᠨ ᠣᠨᠴᠠᠯᠢᠭ ᠲᠠᠢ ᠰᠣᠶᠣᠯ ᠤᠨ ᠲᠦᠷᠦᠯ ᠲᠡᠮᠳᠡᠭ ᠢ ᠬᠥᠭᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃     ᠲᠥᠪ ᠶᠣᠰᠣ ᠶᠢ ᠡᠷᠬᠢᠮᠯᠡᠨ᠂ ᠥᠩᠭᠡᠷᠡᠭᠰᠡᠨ ᠢᠶᠠᠨ ᠳ᠋ᠦᠩᠨᠡᠨ᠎ᠡ; ᠰᠢᠨ᠎ᠡ ᠶᠢ ᠡᠭᠦᠳᠦᠨ᠂ ᠢᠷᠡᠭᠡᠳᠦᠢ ᠶᠢ ᠵᠣᠷᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠠᠪᠤᠳᠠᠯ ᠪᠣᠯᠣᠨ᠎ᠠ᠂ ᠳᠠᠷᠤᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠨᠡᠩ ᠴᠢᠩᠭ᠎ᠠ ᠠᠮᠢᠵᠢᠷᠠᠯ ᠤᠨ ᠬᠦᠴᠦᠨ ᠨᠡᠮᠡᠷᠢᠯᠡᠬᠦ  ᠶᠠᠪᠤᠳᠠᠯ  ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号