︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠤᠨ ᠬᠤᠷᠢᠨᠭᠡᠷ | ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠴᠢᠳᠠᠪᠤᠷᠢᠲᠠᠨ ᠤ ᠠᠵᠢᠯ ᠤᠨ ︽ᠲᠥᠪ ᠢ | ᠬᠦᠴᠦᠷᠬᠡᠭᠵᠢᠭᠦᠯᠬᠦ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ︽ᠭᠤᠣᠯᠲᠤ ᠪᠣᠷᠣ ᠶᠢ ᠦᠨᠳᠦᠰᠦᠯᠡᠭᠦᠯᠬᠦ︾ ᠲᠦᠷᠦᠯ | ᠲᠡᠮᠳᠡᠭ ᠤᠨ ᠪᠠᠶᠢᠭᠤᠯᠤᠯᠲᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠠᠵᠤ ᠦᠢᠯᠡᠰ ᠢ ᠤᠷᠢᠳ ᠢᠶᠠᠷ | ᠬᠡᠷᠡᠭᠵᠢᠭᠦᠯᠬᠦ᠂ ᠠᠵᠤ ᠦᠢᠯᠡᠰ ᠢᠶᠠᠷ ᠬᠤᠳᠠ ᠶᠢ ᠪᠠᠶᠢᠭᠤᠯᠬᠤ᠂ ᠠᠵᠤ ᠦᠢᠯᠡᠰ ᠶᠢ ᠬᠤᠳᠠ ᠳᠤ | ᠠᠭᠤᠰᠤᠯᠴᠠᠭᠤᠯᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠪᠡ᠃ ︽ᠮᠡᠷᠭᠡᠵᠢᠯ ᠳᠤ ᠴᠠᠭᠠᠷᠠᠬᠤ᠂ ᠬᠥᠭᠵᠢᠭᠦᠯᠬᠦ ᠲᠠᠪᠴᠠᠩ ᠪᠠᠶᠢᠭᠤᠯᠬᠤ᠂ ᠰᠢᠪᠲᠤᠯᠬᠤ ᠴᠣᠭᠴᠠ ᠶᠢ | ᠪᠠᠶᠢᠭᠤᠯᠬᠤ︾ ᠪᠠᠷ ᠳᠠᠮᠵᠢᠭᠤᠯᠤᠨ ᠠᠵᠤ ᠦᠢᠯᠡᠰ ᠬᠢᠭᠡᠳ ᠰᠤᠷᠭᠠᠨ ᠬᠥᠮᠦᠵᠢᠯ ᠤᠨ ᠠᠭᠤᠰᠤᠯᠴᠠᠯ ᠤᠨ ᠠᠮᠢ | ᠠᠬᠤᠢ ᠶᠢ ᠭᠦᠨᠵᠡᠭᠡᠶᠢᠷᠡᠭᠦᠯᠦᠨ ᠪᠠᠶᠢᠭᠤᠯᠵᠤ᠂ ᠡᠭᠦᠪᠡᠷ ᠠᠵᠤ ᠦᠢᠯᠡᠰ ᠬᠢᠭᠡᠳ ᠰᠤᠷᠭᠠᠨ ᠬᠥᠮᠦᠵᠢᠯ ᠤᠨ | ᠵᠣᠬᠢᠴᠠᠯᠳᠤᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠤᠯᠭᠠᠵᠦ᠂ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠲᠠᠪᠴᠠᠩ ᠢ ᠢᠳᠡᠪᠬᠢᠲᠡᠢ ᠪᠠᠶᠢᠭᠤᠯᠤᠨ᠂ ᠰᠤᠷᠭᠠᠨ ᠬᠥᠮᠦᠵᠢᠯ ᠤᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠬᠢᠭᠡᠳ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢ ᠪᠦᠳᠦᠮᠵᠢᠳᠡᠢ | ᠵᠣᠯᠭᠠᠭᠤᠯᠬᠤ ᠶᠢ ᠠᠬᠢᠭᠤᠯᠪᠠ᠃ ︽ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ+︾ ᠪᠠᠷ ᠰᠢᠨ᠎ᠡ | ᠬᠥᠳᠡᠯᠭᠡᠭᠦᠷ ᠪᠣᠯᠭᠠᠨ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠫ︾ ᠢ ᠣᠷᠣᠭᠤᠯᠵᠤ᠂ ᠥᠨᠳᠥᠷ | ᠬᠡᠪ ᠪᠣᠯᠪᠠᠰᠤᠷᠠᠯ ᠲᠠᠢ ᠠᠵᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ | ᠬᠥᠮᠥᠨ ᠢ ᠬᠥᠮᠥᠵᠢᠭᠦᠯᠬᠦ ᠰᠠᠭᠤᠷᠢ ᠶᠢ ᠬᠠᠮᠵᠢᠯᠴᠠᠨ ᠴᠣᠭᠴᠠᠯᠠᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠥᠪᠡᠷᠲᠡᠭᠡᠨ | ᠵᠠᠰᠠᠬᠤ ᠣᠷᠣᠨ ᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠴᠢᠨᠠᠷ ᠰᠠᠶᠢᠲᠠᠢ ᠬᠥᠭᠵᠢᠯᠲᠡ ᠶᠢᠨ | ᠬᠠᠨᠳᠤᠰᠢ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠮᠥᠵᠢᠭᠦᠯᠬᠦ ᠤᠳᠤᠷᠢᠳᠤᠮᠵᠢ ᠪᠣᠯᠭᠠᠵᠤ᠂ | ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠳᠤ ᠨᠠᠶᠢᠳᠠᠵᠤ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠬᠢ | ︽1+N︾ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠣᠭᠲᠠᠭᠠᠵᠤ᠂ ᠪᠡᠶ᠎ᠡ ᠪᠠᠨ ᠳᠠᠭᠠᠭᠠᠵᠤ | ᠬᠥᠮᠥᠵᠢᠭᠦᠯᠬᠦ ᠪᠠ ᠭᠠᠳᠠᠭᠠᠳᠤ ᠠᠴᠠ ᠣᠷᠣᠭᠤᠯᠬᠤ ᠬᠤᠣᠰ ᠴᠢᠭᠯᠡᠯᠲᠦ ᠲᠣᠭᠲᠠᠴᠠ ᠪᠠᠷ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠣᠬᠢᠷᠠᠭᠤᠯᠤᠨ᠂ ᠴᠢᠳᠠᠪᠤᠷᠢᠲᠠᠨ ᠤ ᠡᠩᠨᠡᠭᠡ ᠶᠢ ᠲᠡᠭᠦᠯᠳᠡᠷᠵᠢᠭᠦᠯᠦᠨ | ᠪᠤᠵᠠᠭᠠᠶᠢᠷᠠᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠯᠠᠭᠤᠯᠬᠤ ᠪᠠ ᠥᠨᠳᠥᠷ | ᠪᠦᠲᠦᠮᠵᠢᠲᠡᠢ ᠲᠣᠬᠢᠷᠠᠭᠤᠯᠬᠤ ᠶᠢ ᠠᠬᠢᠭᠤᠯᠵᠠᠢ᠃ ᠡᠭᠦᠨ ᠤ ᠬᠠᠮᠲᠤ᠂ ᠳᠤᠮᠳᠠᠳᠤ ᠤᠯᠤᠰ ᠤᠨ ᠠᠷᠠᠳ ᠤᠨ ᠶᠡᠭᠡ | ᠰᠤᠷᠭᠠᠭᠤᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ | ᠵᠡᠷᠭᠡ ᠣᠷᠣᠨ ᠤ ᠳᠣᠲᠣᠷ᠎ᠠ ᠭᠠᠳᠠᠨᠠᠬᠢ ᠨᠠᠷᠠᠲᠤ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠰᠤᠳᠤᠯᠭᠠᠨ ᠤ | ᠬᠦᠷᠢᠶᠡᠯᠡᠩ ᠯᠤᠭ᠎ᠠ ᠭᠡᠷ᠎ᠡ ᠲᠣᠭᠲᠠᠨ ᠬᠠᠮᠲᠤᠷᠠᠯᠴᠠᠵᠤ᠂ ᠥᠪᠡᠷᠮᠢᠴᠡ ᠴᠢᠳᠠᠪᠤᠷᠢᠲᠠᠨ ᠢ ᠬᠥᠮᠥᠵᠢᠭᠦᠯᠬᠦ ᠲᠥᠰᠥᠯ | ᠲᠣᠭᠲᠠᠭᠠᠨ᠂ ᠣᠨᠴᠠᠯᠢᠭᠲᠤ ᠴᠢᠳᠠᠪᠤᠷᠢᠲᠠᠨ ᠢ ᠳᠠᠮᠵᠢᠭᠤᠯᠤᠨ ᠬᠦᠷᠭᠡᠬᠦ ᠲᠣᠭᠲᠠᠴᠠ ᠶᠢ ᠪᠠᠶᠢᠭᠤᠯᠵᠤ᠂ ᠲᠣᠭᠠᠴᠢᠯᠠᠭᠰᠠᠨ | ᠠᠵᠤ ᠠᠬᠤᠢ ᠶᠢᠨ ᠠᠵᠤ ᠦᠢᠯᠡᠰ ᠤᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠪᠣᠶᠢᠵᠢᠭᠤᠯᠵᠤ᠂ | ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠠᠵᠤ ᠦᠢᠯᠡᠰ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ | ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠪᠡ᠃ | ᠴᠢᠳᠠᠪᠤᠷᠢᠲᠠᠨ ᠤ ᠰᠤᠷᠭᠠᠨ ᠬᠥᠮᠦᠵᠢᠯ ᠤᠨ ᠬᠡᠯᠬᠢᠶ᠎ᠡ ᠶᠢ ᠵᠣᠯᠭᠠᠭᠤᠯᠵᠤ᠂ ᠠᠵᠤ ᠦᠢᠯᠡᠰ ᠤᠨ ᠰᠢᠨ᠎ᠡ ᠶᠢ | ᠡᠭᠦᠳᠦᠨ ᠬᠥᠭᠵᠢᠬᠦ ᠶᠢ ᠲᠤᠯᠭᠠᠭᠤᠷᠢᠯᠠᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠨᠢ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠬᠢᠮᠡᠯ | ᠣᠶᠤᠨ ᠵᠡᠷᠭᠡ ᠢᠷᠡᠭᠡᠳᠦᠢ ᠶᠢᠨ ᠠᠵᠤ ᠦᠢᠯᠡᠰ ᠤᠨ ᠴᠢᠭᠯᠡᠯ ᠤᠨ ᠦᠢᠯᠡᠳᠪᠦᠷᠢᠯᠡᠯ ᠰᠤᠷᠭᠠᠨ ᠬᠥᠮᠦᠵᠢᠯ ᠢ | ᠠᠭᠤᠰᠤᠯᠴᠠᠭᠤᠯᠬᠤ᠂ ᠳᠠᠳᠤᠯᠭ᠎ᠠ ᠪᠣᠯᠪᠠᠰᠤᠷᠠᠭᠤᠯᠤᠯ ᠤᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠶᠡᠬᠡᠪᠡᠷ | ᠥᠷᠨᠢᠭᠦᠯᠵᠦ᠂ 43 ᠵᠠᠬᠢᠶᠠᠯᠠᠨ ᠲᠣᠭᠲᠠᠭᠠᠭᠰᠠᠨ ᠪᠣᠯᠪᠠᠰᠤᠷᠠᠯ ᠤᠨ ᠠᠩᠭᠢ ᠨᠡᠭᠡᠭᠡᠵᠦ᠂ ᠨᠡᠶᠢᠲᠡ 1230 ᠬᠥᠮᠥᠨ | ᠤᠳᠠᠭ᠎ᠠ ᠪᠣᠯᠪᠠᠰᠤᠷᠠᠯ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠲᠣᠭᠠᠴᠢᠯᠠᠭᠰᠠᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠡᠯᠪᠡᠷᠢ ᠶᠢᠨ ᠬᠥᠮᠥᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ᠂ ᠳᠤᠮᠳᠠᠳᠤ ᠤᠯᠤᠰ ᠤᠨ | ᠠᠷᠠᠳ ᠤᠨ ᠶᠡᠭᠡ ᠰᠤᠷᠭᠠᠭᠤᠯᠢ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠳᠡᠭᠡᠳᠦ ᠰᠤᠷᠭᠠᠭᠤᠯᠢ ᠲᠠᠢ | ᠬᠤᠯᠪᠤᠭᠠᠯᠠᠨ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠵᠠᠰᠠᠯᠲᠠ ᠶᠢᠨ ᠣᠶᠤᠨᠴᠢ | ᠪᠣᠳᠣᠯᠭ᠎ᠠ ᠶᠢᠨ ᠬᠡᠷᠡᠭᠯᠡᠭᠡᠨ ᠤ ᠦᠢᠯᠡᠳᠦᠯᠭᠡ ᠶᠢᠨ ᠲᠥᠪ ᠢ ᠪᠠᠶᠢᠭᠤᠯᠵᠤ᠂ ︽ᠳᠤᠮᠳᠠᠳᠤ ᠤᠯᠤᠰ ᠤᠨ ᠠᠷᠠᠳ ᠤᠨ | ᠶᠡᠭᠡ ᠰᠤᠷᠭᠠᠭᠤᠯᠢ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ | ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ︾ ᠢ ᠫᠠᠶᠢᠰᠠ ᠡᠯᠭᠦᠨ ᠬᠠᠮᠲᠤ ᠪᠠᠷ ᠪᠠᠶᠢᠭᠤᠯᠵᠤ᠂ ︽ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠳᠤᠯᠭ᠎ᠠ | ᠬᠢᠬᠦ ᠠᠵᠢᠯ ᠣᠯᠭᠤᠬᠤ ᠰᠠᠭᠤᠷᠢᠨ ᠭᠠᠵᠠᠷ︾ ︽ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ | ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠰᠠᠭᠤᠷᠢᠨ ᠭᠠᠵᠠᠷ︾ ᠵᠡᠷᠭᠡ ᠠᠵᠤ ᠦᠢᠯᠡᠰ ᠪᠠ | ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ 17 ᠰᠠᠭᠤᠷᠢᠨ ᠭᠠᠵᠠᠷ ᠢ ᠪᠠᠶᠢᠭᠤᠯᠵᠤ᠂ ᠳᠡᠭᠡᠳᠦ ᠴᠢᠳᠠᠪᠬᠢᠲᠤ | ᠬᠡᠷᠡᠭᠯᠡᠭᠡᠨ ᠤ ᠬᠦᠷᠢᠶᠡᠨ ᠳᠠᠬᠢ ᠰᠢᠨ᠎ᠡ ᠶᠢ ᠡᠭᠦᠳᠬᠦ ᠰᠤᠳᠤᠯᠭᠠᠨ ᠢ ᠠᠬᠢᠭᠤᠯᠵᠤ᠂ ᠬᠢᠮᠡᠯ ᠣᠶᠣᠨ᠂ ᠵᠢᠯᠣᠭᠤᠴᠢ ᠦᠭᠡᠢ | ᠨᠢᠰᠬᠡᠯ ᠵᠢᠯᠤᠭᠤᠳᠬᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠲᠠᠯ᠎ᠠ ᠶᠢᠨ | ᠪᠣᠯᠪᠠᠰᠤᠷᠠᠭᠤᠯᠤᠯ ᠤᠨ ᠠᠵᠢᠯᠯᠠᠭ᠎ᠠ ᠶᠢ 90 ᠭᠠᠷᠤᠢ ᠤᠳᠠᠭ᠎ᠠ ᠡᠷᠭᠢᠯᠡᠵᠦ᠂ ᠨᠡᠶᠢᠲᠡ ᠲᠦᠮᠡ ᠭᠠᠷᠤᠢ ᠰᠤᠷᠤᠭᠴᠢ | ᠪᠣᠯᠪᠠᠰᠤᠷᠠᠭᠤᠯᠪᠠ᠃ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠢᠮᠠᠭᠲᠠ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠯᠳᠤᠭᠰᠠᠨ᠂ ᠠᠵᠤ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠲᠠᠢ ᠵᠣᠬᠢᠴᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠳᠠᠪᠤᠷᠢᠲᠠᠨ ᠢ | ᠬᠥᠮᠥᠵᠢᠭᠦᠯᠬᠦ ᠪᠠᠷ ᠬᠠᠷᠠᠯᠲᠠ ᠪᠣᠯᠭᠠᠵᠤ᠂ ︽ᠰᠢᠨ᠎ᠡ ᠶᠢ ᠡᠭᠦᠳᠬᠦ ᠴᠡᠴᠡᠭ︾ ᠢ ᠨᠡᠩ ᠰᠠᠶᠢᠨ ︽ᠬᠥᠭᠵᠢᠯᠲᠡ ᠶᠢᠨ ᠦᠷ᠎ᠡ | ᠵᠢᠮᠢᠰ︾ ᠪᠣᠯᠭᠠᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠡᠢ᠃ | | ᠴᠢᠳᠠᠪᠤᠷᠢᠲᠠᠨ ᠤ ᠰᠢᠪᠲᠤᠯᠬᠤ ︽ᠬᠤᠯᠪᠣᠯᠳᠤᠭᠰᠠᠨ︾ ᠴᠣᠭᠴᠠ ᠶᠢ ᠪᠠᠶᠢᠭᠤᠯᠵᠤ᠂ ᠦᠢᠯᠡᠳᠪᠦᠷᠢᠯᠡᠯ ᠰᠤᠷᠭᠠᠨ | ᠬᠥᠮᠦᠵᠢᠯ ᠤᠨ ᠠᠭᠤᠰᠤᠯᠴᠠᠯ ᠤᠨ ︽ᠰᠢᠨ᠎ᠡ︾ ᠬᠦᠴᠦᠨ ᠢ ᠴᠢᠩᠭᠠᠷᠠᠭᠤᠯᠪᠠ᠃ ᠬᠤᠷᠢᠨᠭᠡᠷ ᠴᠢᠳᠠᠪᠤᠷᠢᠲᠠᠨ ᠤ | ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠪᠣᠳᠣᠯᠭ᠎ᠠ ᠶᠢᠨ ᠬᠦᠴᠦᠨ ᠵᠢᠴᠢ ᠬᠢᠮᠡᠯ ᠣᠶᠤᠨ᠂ ᠠᠮᠢ | ᠨᠠᠰᠤᠨ ᠤ ᠰᠢᠨᠵᠢᠯᠡᠬᠦ ᠤᠬᠠᠭᠠᠨ᠂ ᠢᠷᠡᠭᠡᠳᠦᠢ ᠶᠢᠨ ᠮᠠᠲ᠋ᠧᠷᠢᠶᠠᠯ ᠵᠡᠷᠭᠡ ᠭᠤᠷᠪᠠᠨ ᠶᠡᠭᠡ ᠠᠵᠤ ᠦᠢᠯᠡᠰ ᠤᠨ | ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠡᠯᠰᠡᠵᠦ ᠬᠤᠣᠰ ᠲᠠᠲᠠᠬᠤ︾ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠵᠤ᠂ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠨ ᠲᠥᠷᠥᠯ ᠵᠦᠢᠯ ᠢ | ᠨᠠᠶᠢᠳᠠᠪᠤᠷᠢᠵᠢᠭᠤᠯᠵᠤ᠂ ᠰᠢᠪᠲᠤᠯᠬᠤ ︽ᠬᠤᠯᠪᠣᠯᠳᠤᠭᠰᠠᠨ︾ ᠴᠣᠭᠴᠠ ᠶᠢ ᠪᠠᠶᠢᠭᠤᠯᠵᠤ᠂ ᠬᠤᠷᠢᠨᠭᠡᠷ ᠴᠢᠳᠠᠪᠤᠷᠢᠲᠠᠨ ᠤ | ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ | ᠠᠬᠢᠭᠤᠯᠪᠠ᠃ ᠣᠳᠣᠬᠠᠨ ᠪᠣᠯᠲᠠᠯ᠎ᠠ᠂ 1 ᠤᠯᠤᠰ ᠤᠨ ᠭᠠᠯ ᠪᠠᠮᠪᠠᠷ ᠤᠨ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠣᠮᠣ ᠳ᠋ᠠᠶᠢᠲ᠋ᠠ ᠶᠢᠨ ᠣᠨᠴᠠᠯᠢᠭᠲᠤ ᠠᠵᠤ ᠦᠢᠯᠡᠰ ᠤᠨ ᠰᠠᠭᠤᠷᠢᠨ | ᠭᠠᠵᠠᠷ᠂ 1 ᠠᠺᠠᠳᠧᠮᠢᠴᠢ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠵᠤ᠂ ︽ᠵᠡᠭᠦᠨ ᠤ | ᠲᠤᠭ᠎ᠠ ᠶᠢ ᠪᠠᠷᠠᠭᠤᠨ ᠳᠤ ᠪᠤᠳᠤᠬᠤ︾ ᠪᠣᠬᠢᠷᠲᠤᠯ ᠦᠭᠡᠢ ᠪᠣᠳᠣᠯᠭ᠎ᠠ ᠶᠢᠨ ᠲᠤᠷᠰᠢᠯᠲᠠ ᠶᠢᠨ ᠲᠠᠰᠤᠭ᠂ ᠣᠶᠤᠨᠴᠢ | ᠪᠣᠳᠣᠯᠭ᠎ᠠ ᠶᠢᠨ ᠬᠠᠮᠲᠤᠷᠠᠭᠰᠠᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠵᠡᠷᠭᠡ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠢ 24 ᠪᠠᠶᠢᠭᠤᠯᠵᠤ᠂ ᠮᠥᠩᠭᠦᠨ ᠭᠦᠢᠯᠭᠡᠭᠡᠨ ᠤ ᠲᠤᠭ᠎ᠠ | ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ᠂ ᠰᠢ ᠠᠨ ᠤ | ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠶᠤᠨᠴᠢ ᠦᠢᠯᠡᠳᠬᠦ ᠰᠤᠳᠤᠯᠭᠠᠨ ᠤ ᠬᠦᠷᠢᠶᠡᠯᠡᠩ᠂ ᠤᠶᠠᠨ | ᠡᠯᠧᠺᠲᠷᠣᠨ ᠤ ᠰᠤᠳᠤᠯᠭᠠᠨ ᠤ ᠬᠦᠷᠢᠶᠡᠯᠡᠩ ᠵᠡᠷᠭᠡ 15 ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ᠂ ︽ᠰᠦᠨ | ᠬᠦᠴᠢᠯ ᠤᠨ ᠪᠠᠺᠲ᠋ᠧᠷᠢ ᠶᠢᠨ ᠡᠬᠢ ᠪᠠᠶᠠᠯᠢᠭ ᠢ ᠠᠭᠤᠳᠠᠯᠬᠤ ᠪᠠ ᠪᠥᠬᠦ ᠠᠵᠤ ᠦᠢᠯᠡᠰ ᠤᠨ ᠬᠡᠯᠬᠢᠶ᠎ᠡ ᠶᠢᠨ | ᠬᠡᠷᠡᠭᠯᠡᠭᠡᠨ ᠤ ᠮᠡᠷᠭᠡᠵᠢᠯ ᠢ ᠭᠦᠨᠵᠡᠭᠡᠢ ᠨᠡᠭᠡᠭᠡᠨ ᠠᠰᠢᠭᠯᠠᠬᠤ ᠵᠢᠴᠢ ᠲᠡᠭᠦᠨ ᠢ ᠠᠵᠤ ᠦᠢᠯᠡᠰᠵᠢᠭᠦᠯᠬᠦ︾ | ︽ᠲᠣᠭᠠᠴᠢᠯᠠᠭᠰᠠᠨ ᠠᠨᠠᠭᠠᠬᠤ ᠤᠬᠠᠭᠠᠨ ᠤ 3D ᠳᠠᠷᠤᠮᠠᠯᠯᠠᠬᠤ ᠬᠡᠷᠡᠭᠯᠡᠭᠡ︾ ᠵᠡᠷᠭᠡ ᠭᠤᠣᠯᠯᠠᠬᠤ ᠮᠡᠷᠭᠡᠵᠢᠯ ᠢ | ᠪᠣᠭᠤᠮᠲᠠ ᠰᠢᠪᠲᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠢᠷᠡᠭᠡᠳᠦᠢ ᠶᠢᠨ ᠠᠵᠤ | ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠬᠠᠮ ᠴᠢᠳᠠᠪᠤᠷᠢᠲᠠᠨ ᠢ ᠬᠥᠮᠥᠵᠢᠭᠦᠯᠬᠦ ᠦᠢᠯᠡᠳᠪᠦᠷᠢᠯᠡᠯ | ᠰᠤᠷᠭᠠᠨ ᠬᠥᠮᠦᠵᠢᠯ ᠢ ᠠᠭᠤᠰᠤᠯᠴᠠᠭᠤᠯᠬᠤ ᠳᠤ ᠬᠦᠴᠦᠨ ᠨᠡᠮᠡᠷᠢᠯᠡᠪᠡ᠃ |