ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠢᠯ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/6
    ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠬᠦᠴᠢᠷᠳᠡᠯᠲᠡᠢ ᠬᠥᠮᠥᠰ ᠢ ᠬᠠᠯᠠᠮᠵᠢᠯᠠᠨ ᠲᠣᠬᠤᠨᠢᠭᠤᠯᠵᠤ ᠬᠠᠪᠰᠤᠷᠤᠨ ᠲᠡᠳᠭᠦᠵᠦ᠂ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠦᠯᠦᠭᠡ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠶᠥᠮ ᠤᠨ ᠪᠠᠶᠢᠰᠢᠩ ᠪᠠᠯᠭᠠᠰᠤ ᠶᠢᠨ ᠵᠡᠭᠦᠨ ᠤᠰᠤᠲᠤ ᠲᠣᠰᠬᠤᠨ ᠳᠤ ᠭᠦᠨᠵᠡᠭᠡᠶᠢᠷᠡᠨ ᠳᠠᠭᠠᠭᠠᠴᠢᠯᠠᠨ ᠬᠠᠷᠢᠯᠴᠠᠵᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠡᠷᠦᠬᠡ ᠸᠠᠩ ᠬᠤᠢ ᠴᠢᠩ ᠳᠤ ᠵᠢᠯ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠭ᠎ᠠ ᠬᠢᠵᠦ᠂ ᠲᠣᠬᠤᠨᠢᠭᠤᠯᠬᠤ ᠮᠥᠩᠭᠦ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠩ ᠳᠤᠯᠠᠭᠠᠴᠠᠭᠤᠯᠪᠠ᠃
    ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠬᠤ ᠪᠠᠭ ᠤᠨ ᠬᠢᠨ ᠳᠠᠭᠠᠭᠠᠴᠢᠯᠠᠨ ᠬᠤᠯᠪᠣᠭᠠᠯᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠸᠠᠩ ᠬᠤᠢ ᠴᠢᠩ ᠲᠠᠢ ᠨᠠᠷᠢᠨ ᠬᠢᠨᠠᠮᠠᠭᠠᠢ ᠶᠠᠷᠢᠯᠴᠠᠵᠤ᠂ ᠲᠡᠭᠦᠨ ᠤ ᠭᠡᠷ ᠤᠨ ᠬᠥᠮᠥᠰ ᠤᠨ ᠪᠡᠶ᠎ᠡ ᠮᠠᠬᠠᠪᠤᠳ ᠤᠨ ᠣᠶᠢᠷ᠎ᠠ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠣᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠡᠭᠦᠨ ᠳᠤ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠦᠨᠳᠦᠰᠦᠲᠡᠨ ᠤ ᠪᠦᠯᠬᠦᠮᠳᠡᠯ ᠵᠡᠷᠭᠡ ᠮᠡᠳᠡᠯᠭᠡ ᠶᠢ ᠤᠬᠠᠭᠤᠯᠵᠠᠢ᠃ ᠡᠭᠦᠨ ᠤ ᠬᠠᠮᠲᠤ ᠲᠡᠭᠦᠨ ᠳᠤ ᠡᠪᠦᠯ ᠤᠨ ᠤᠯᠠᠷᠢᠯ ᠤᠨ ᠬᠠᠬᠢᠷ ᠬᠦᠢᠲᠡᠨ ᠢ ᠰᠡᠷᠭᠡᠶᠢᠯᠡᠨ ᠳᠤᠯᠠᠭᠠᠯᠠᠬᠤ ᠶᠢ ᠠᠩᠬᠠᠷᠴᠤ᠂ ᠲᠡᠭᠦᠨ ᠢ ᠠᠮᠢᠳᠤᠷᠠᠯ ᠳᠤ ᠢᠳᠡᠪᠬᠢᠲᠡᠢ ᠬᠠᠨᠳᠤᠵᠤ᠂ ᠶᠠᠮᠠᠷ ᠴᠤ ᠬᠦᠴᠢᠷᠳᠡᠯ ᠪᠠ ᠬᠡᠷᠡᠭᠴᠡᠭᠡ ᠠᠴᠠ ᠴᠠᠭ ᠲᠤᠬᠠᠢ ᠳᠤᠨᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠬᠠᠷᠢᠯᠴᠠᠬᠤ ᠶᠢ ᠵᠤᠷᠢᠭᠵᠢᠭᠤᠯᠤᠨ ᠵᠠᠬᠢᠪᠠ᠃ ᠬᠠᠯᠠᠭᠤᠨ ᠳᠣᠲᠣᠨᠣ ᠦᠭᠡ ᠶᠠᠷᠢᠶ᠎ᠠ ᠨᠢᠭᠡᠪᠦᠷᠢ  ᠨᠢ᠂ ᠤᠳᠠᠭ᠎ᠠ ᠳᠠᠷᠠᠭᠠᠯᠠᠨ ᠳᠣᠲᠣᠨᠣ ᠮᠡᠨᠳᠦᠴᠢᠯᠡᠯ  ᠨᠢ ᠲᠡᠭᠦᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃     ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠳᠤ ᠲᠣᠭᠤᠷᠢᠭ ᠤᠨ ᠠᠷᠠᠳ ᠤᠨ ᠵᠥᠪᠯᠡᠯ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠺᠠᠳ᠋ᠷ ᠪᠣᠯᠣᠨ ᠣᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠬᠦᠷᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠡᠶ᠎ᠡ ᠵᠣᠬᠢᠴᠠᠩᠭᠤᠢ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤᠪᠠᠷ ᠤᠷᠤᠭᠰᠢᠯᠠᠬᠤ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号