︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠨᠥᠬᠦᠪᠦᠷᠢ ᠮᠥᠩᠭᠦ ᠶᠢ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2025/1/6
    ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠵᠤ ᠦᠢᠯᠡᠰ ᠪᠣᠰᠬᠠᠬᠤ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯ ᠣᠯᠭᠤᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ᠲᠥᠯᠥᠪᠯᠡᠭᠡ ᠶᠢᠨ ᠨᠥᠬᠦᠪᠦᠷᠢ ᠮᠥᠩᠭᠦ ᠶᠢ 1.09 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠳᠤᠰ ᠪᠡᠯᠡ ᠮᠥᠩᠭᠦ ᠶᠢ ᠡᠯ᠎ᠡ ᠠᠶᠢᠮᠠᠭ ᠬᠤᠲᠠ ᠳᠤ ᠪᠠᠭᠤᠯᠭᠠᠪᠠ᠃     2024 ᠣᠨ ᠠᠴᠠ ᠡᠬᠢᠯᠡᠨ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ᠲᠥᠯᠥᠪᠯᠡᠭᠡ ᠶᠢᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 3650 ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠯᠰᠡᠬᠦ ᠣᠷᠣᠨ ᠲᠤᠭ᠎ᠠ ᠶᠢ 2700 ᠬᠥᠮᠥᠨ ᠪᠣᠯᠭᠠᠨ ᠥᠷᠭᠡᠳᠬᠡᠪᠡ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ᠲᠥᠯᠥᠪᠯᠡᠭᠡ ᠶᠢᠨ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢ ᠰᠢᠯᠵᠢᠭᠦᠯᠦᠨ ᠲᠣᠭᠠᠴᠠᠭ᠎ᠠ ᠬᠢᠬᠦ ᠲᠥᠰᠥᠪ ᠤᠨ ᠬᠡᠷᠡᠭᠵᠢᠭᠦᠯᠦᠯᠲᠡ ᠶᠢᠨ ᠪᠠᠶᠢᠩᠭᠤᠵᠢᠭᠤᠯᠤᠨ ᠬᠢᠨᠠᠯᠲᠠ ᠲᠠᠯᠪᠢᠬᠤ ᠬᠡᠪᠴᠢᠶᠡᠨ ᠳᠤ ᠣᠷᠣᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠡᠯᠡ ᠮᠥᠩᠭᠦᠨ ᠤ ᠬᠡᠷᠡᠭᠯᠡᠯᠲᠡ ᠶᠢᠨ ᠡᠳᠦᠷ ᠲᠤᠲᠤᠮ ᠤᠨ ᠬᠢᠨᠠᠯᠲᠠ ᠪᠠᠨ ᠴᠢᠩᠭᠠᠳᠬᠠᠵᠤ᠂ ᠰᠢᠯᠵᠢᠭᠦᠯᠦᠨ ᠲᠣᠭᠠᠴᠠᠭ᠎ᠠ ᠬᠢᠬᠦ ᠪᠡᠯᠡ ᠮᠥᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠵᠢᠷᠤᠮᠵᠢᠯᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠪᠣᠯᠣᠨ᠎ᠠ᠃      ᠢᠷᠡᠯᠲᠡ᠄  ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号