ᠬᠥᠬᠡᠬᠤᠲᠠ 5.56 ᠲᠦᠮᠡᠨ ᠣᠶᠤᠲᠠᠨ ᠢ ᠬᠥᠬᠡᠬᠤᠲᠠ ᠳᠤ ᠢᠷᠡᠭᠦᠯᠵᠦ ᠬᠥᠬᠡᠬᠤᠲᠠ ᠳᠤ ᠦᠯᠡᠳᠡᠭᠡᠵᠦ ᠠᠵᠢᠯ ᠣᠯᠭᠤᠨ ᠦᠢᠯᠡᠰ ᠪᠣᠰᠬᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/1/7
    ᠭᠤᠷᠪᠠᠨ ᠵᠢᠯ ᠳᠤ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭᠠᠨ ᠤ ᠲᠥᠰᠥᠯ ︵2024 - 2026︶︾ ᠢ ᠦᠷᠭᠦᠯᠵᠢᠯᠡᠨ ᠨᠡᠶᠢᠲᠡᠯᠡᠵᠦ᠂ 5 ᠲᠤᠰᠬᠠᠢ ᠵᠦᠢᠯ ᠤᠨ ᠠᠵᠢᠯᠯᠠᠭ᠎ᠠ ᠶᠢᠨ 19 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ︽ᠭᠤᠣᠯᠲᠤ ᠪᠣᠷᠣ ᠶᠢ ᠦᠨᠳᠦᠰᠦᠯᠡᠭᠦᠯᠬᠦ︾ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠥᠬᠦ ᠣᠷᠣᠨ ᠤ ᠠᠩᠬᠠᠨ ᠤ ᠪᠦᠯᠦᠭ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ︾ ᠰᠠᠭᠤᠷᠢᠨ ᠭᠠᠵᠠᠷ ᠵᠡᠷᠭᠡ ᠨᠢᠭᠡ ᠪᠦᠯᠦᠭ ᠣᠨᠴᠠᠯᠢᠭᠲᠤ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ ᠬᠥᠬᠡᠬᠤᠲᠠ ᠳᠠᠬᠢ 24 ᠶᠡᠭᠡ ᠳᠡᠭᠡᠳᠦ ᠰᠤᠷᠭᠠᠭᠤᠯᠢ᠂ 3 ᠬᠦᠷᠢᠶᠡᠯᠡᠩ ᠲᠣᠭᠤᠷᠢᠭ᠂ 1400 ᠠᠵᠤ ᠠᠬᠤᠶᠢᠯᠠᠯ  ᠯᠤᠭ᠎ᠠ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠬᠠᠷᠢᠯᠴᠠᠬᠤ ᠠᠷᠭ᠎ᠠ ᠵᠠᠮ ᠢ ᠨᠡᠭᠡᠭᠡᠪᠡ᠃ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠵᠡᠷᠭᠡ ᠰᠢᠷᠢᠰ ᠠᠵᠢᠯᠯᠠᠭ᠎ᠠ ᠶᠢ 49 ᠲᠠᠯᠠᠪᠤᠷ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠡᠯ᠎ᠡ ᠲᠥᠷᠥᠯ ᠤᠨ ᠠᠵᠢᠯᠯᠠᠭ᠎ᠠ ᠶᠢ 141 ᠲᠠᠯᠠᠪᠤᠷ ᠡᠷᠭᠢᠯᠡᠵᠦ᠂ ᠨᠡᠶᠢᠲᠡ 20.54 ᠲᠦᠮᠡᠨ ᠠᠵᠢᠯ ᠤᠨ ᠪᠠᠶᠢᠷᠢ ᠤᠳᠠᠭ᠎ᠠ ᠬᠠᠩᠭᠠᠵᠤ᠂ 5.69 ᠲᠦᠮᠡᠨ ᠬᠥᠮᠥᠨ ᠯᠦᠭᠡ ᠠᠵᠢᠯ ᠣᠯᠭᠤᠬᠤ ᠰᠠᠨᠠᠮᠵᠢ ᠶᠢ ᠲᠣᠬᠢᠷᠠᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号