ᠬᠠᠶᠢᠯᠠᠷ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠮᠣᠷᠢᠨ ᠤᠷᠤᠯᠳᠤᠭᠠᠨ ᠤ ᠲᠠᠯᠠᠪᠠᠶ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠬᠢᠨ ᠣᠶᠤᠲᠠᠳ ᠤᠨ ᠡᠮ ᠡᠮᠨᠡᠯᠭᠡ ᠶᠢᠨ ᠳᠠᠭᠠᠳᠬᠠᠯ ᠳᠤ ᠬᠦᠴᠦᠨ ᠨᠡᠮᠡᠷᠢᠯᠡᠬᠦ ᠲᠥᠷᠥ ᠶᠢᠨ ᠪᠣᠳᠣᠯᠭ᠎ᠠ ᠶᠢᠨ ︽ᠪᠦᠷᠢᠨ ᠮᠡᠳᠡᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/8
    ᠣᠶᠤᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠮᠡᠳᠡᠬᠦ ᠬᠡᠮᠵᠢᠶ᠎ᠡ ᠪᠣᠯᠣᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠶᠤᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠵᠡᠯ ᠤᠬᠠᠮᠰᠠᠷ ᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠬᠠᠶᠢᠯᠠᠷ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠮᠣᠷᠢᠨ ᠤᠷᠤᠯᠳᠤᠭᠠᠨ ᠤ ᠲᠠᠯᠠᠪᠠᠢ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠣᠶᠤᠲᠠᠳ ᠤᠨ ᠡᠮ ᠡᠮᠨᠡᠯᠭᠡ ᠶᠢᠨ ᠳᠠᠭᠠᠳᠭᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠴᠣᠩᠬᠤᠪᠴᠢ ᠶᠢᠨ ᠠᠵᠢᠯᠲᠠᠳ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠢᠭᠲᠠᠯᠠᠨ ᠪᠤᠳᠤᠬᠤ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ︽ᠣᠶᠤᠲᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠦᠭᠯᠡᠭᠦᠷ︾᠂ ︽ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︿ᠪᠦᠷᠢᠨ ᠴᠢᠳᠠᠮᠵᠢᠲᠤ ᠺᠠᠷᠲ﹀ ᠤᠨ ᠬᠡᠷᠡᠭᠯᠡᠯᠲᠡ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ᠂ ᠳᠠᠭᠠᠳᠬᠠᠯ ᠳᠤ ᠣᠷᠣᠯᠴᠠᠬᠤ ᠶᠠᠪᠤᠴᠠ᠂ ᠲᠠᠩᠰᠠ ᠲᠠᠶᠢᠯᠬᠤ ᠬᠠᠷᠢᠴᠠᠯ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠪᠠ᠃ ᠠᠵᠢᠯᠲᠠᠳ ᠪᠠᠰᠠ ᠣᠶᠤᠲᠠᠳ ᠤᠨ ᠠᠩᠬᠠᠷᠴᠤ ᠪᠠᠶᠢᠭ᠎ᠠ ᠣᠨᠳᠣᠣ ᠭᠠᠵᠠᠷ ᠲᠤ ᠡᠮᠨᠡᠭᠦᠯᠬᠦ᠂ ᠡᠭᠦᠳᠡᠨ ᠡᠮᠨᠡᠯᠭᠡ ᠶᠢᠨ ᠳᠠᠩᠰᠠ ᠲᠠᠶᠢᠯᠬᠤ ᠵᠡᠷᠭᠡ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠬᠦᠯᠢᠴᠡᠩᠭᠦᠢ ᠪᠠᠷ ᠬᠠᠷᠢᠭᠤᠯᠲᠠ ᠥᠭᠭᠦᠭᠰᠡᠨ ᠪᠥᠭᠡᠳ ᠵᠠᠷᠢᠮ ᠪᠣᠳᠠᠲᠠᠢ ᠬᠡᠷᠡᠭ ᠤᠨ ᠵᠢᠱᠢᠶ᠎ᠡ ᠶᠢ ᠵᠢᠭᠰᠠᠭᠠᠵᠤ᠂ ᠵᠢᠱᠢᠶᠡᠯᠡᠪᠡᠯ ᠵᠠᠷᠢᠮ ᠣᠶᠤᠲᠠᠨ ᠭᠠᠳᠠᠷ ᠣᠷᠣᠨ ᠳᠤ ᠳᠠᠳᠤᠯᠭ᠎ᠠ ᠬᠢᠬᠦ ᠬᠤᠭᠤᠴᠠᠭᠠᠨ ᠳᠤ ᠡᠪᠡᠳᠴᠢᠨ ᠢᠶᠠᠷ ᠡᠮᠨᠡᠯᠭᠡ ᠳᠤ ᠰᠠᠭᠤᠵᠤ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠᠷ ᠳᠠᠮᠵᠢᠭᠤᠯᠤᠨ ᠠᠵᠤ ᠠᠬᠤᠢ ᠶᠢᠨ ᠳᠠᠷᠤᠭᠠᠰᠤ ᠶᠢ  ᠬᠥᠩᠭᠡᠷᠡᠭᠦᠯᠵᠦ ᠥᠭᠭᠦᠭᠰᠡᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠣᠶᠤᠲᠠᠳ ᠤᠨ ᠰᠠᠶᠢᠨ ᠦᠨᠡᠯᠡᠯᠲᠡ ᠶᠢ ᠣᠯᠵᠤ᠂ ᠲᠡᠭᠦᠨ ᠤ ᠳᠣᠲᠣᠷᠠᠬᠢ ᠨᠢᠭᠡ ᠣᠶᠤᠲᠠᠳ᠄ ︽ᠥᠩᠭᠡᠷᠡᠭᠰᠡᠨ ᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠳᠡᠮᠡᠢ ᠣᠶᠢᠯᠠᠭᠠᠬᠤ ᠦᠭᠡᠢ᠂ ᠡᠨᠡ ᠤᠳᠠᠭᠠᠨ ᠤ ᠤᠬᠠᠭᠤᠯᠭ᠎ᠠ ᠪᠠᠷ ᠳᠠᠮᠵᠢᠨ᠂ ᠪᠢ ᠮᠠᠰᠢ ᠣᠯᠠᠨ ᠡᠮ ᠡᠮᠨᠡᠯᠭᠡ ᠶᠢᠨ ᠳᠠᠭᠠᠳᠬᠠᠯ ᠤᠨ ᠴᠢᠬᠤᠯᠠ ᠴᠢᠨᠠᠷ ᠢ ᠲᠠᠨᠢᠵᠤ ᠣᠯᠵᠠᠢ᠃︾ ᠭᠡᠪᠡ᠃ ᠬᠤᠶᠢᠰᠢᠳᠠ᠂ ᠮᠣᠷᠢᠨ ᠤᠷᠤᠯᠳᠤᠭᠠᠨ ᠤ ᠲᠠᠯᠠᠪᠠᠶ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠠᠩ ᠣᠯᠠᠨ ᠰᠠᠭᠤᠭᠠᠯᠢ ᠠᠷᠠᠳ ᠲᠤ ᠳᠣᠲᠣᠨᠣ ᠦᠢᠯᠡᠴᠢᠯᠡᠭᠡ ᠬᠠᠩᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠲᠠᠢ ᠬᠥᠮᠥᠨ ᠨᠢᠭᠡᠪᠦᠷᠢ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号