︽ᠤᠭ ᠴᠢᠨᠠᠷ - ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠠᠮᠢᠳᠤᠷᠠᠯ ᠤᠨ | ᠪᠣᠳᠠᠲᠤ ᠲᠡᠮᠳᠡᠭᠯᠡᠯ︾ ᠭᠡᠬᠦ ᠰᠢᠨ᠎ᠡ ᠨᠣᠮ ᠤᠨ ᠲᠠᠷᠬᠠᠭᠠᠯᠲᠠ ᠶᠢᠨ ᠶᠣᠰᠣᠯᠠᠯ ᠣᠶᠢᠷ᠎ᠠ ᠳᠤ ᠪᠤᠭᠤᠲᠤ ᠬᠤᠳᠠ ᠶᠢᠨ | ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ | ᠶᠢᠨ ᠦᠢᠯᠡ ᠬᠡᠷᠡᠭ ᠤᠨ ᠦᠵᠡᠭᠦᠯᠭᠡ ᠶᠢᠨ ᠣᠷᠳᠣᠨ ᠳᠤ ᠶᠠᠪᠤᠭᠳᠠᠪᠠ᠃ ᠲᠠᠯ᠎ᠠ ᠨᠤᠲᠤᠭ ᠤᠨ ᠪᠢᠴᠢᠬᠠᠨ ᠪᠠᠭᠠᠲᠤᠷ | ᠡᠭᠡᠴᠢ ᠥᠬᠢᠨ ᠳᠡᠭᠦᠦ ᠯᠦᠩ ᠮᠧᠢ᠂ ᠢᠦᠢ ᠷᠦᠩ ᠪᠣᠯᠣᠨ ᠲᠤᠰ ᠨᠣᠮ ᠤᠨ ᠵᠣᠬᠢᠶᠠᠭᠴᠢ ᠪᠡ᠊᠆·ᠨᠠᠰᠤᠨ᠋ᠤ᠋ᠷᠲᠤ ᠨᠣᠮ | ᠲᠠᠷᠬᠠᠭᠠᠯᠲᠠ ᠶᠢᠨ ᠶᠣᠰᠣᠯᠠᠯ ᠳᠤ ᠤᠷᠤᠯᠴᠠᠵᠦ᠂ ᠭᠠᠷ ᠤᠨ ᠦᠰᠦᠭ ᠵᠢᠷᠤᠵᠤ ᠨᠣᠮ ᠲᠠᠷᠬᠠᠭᠠᠭᠰᠠᠨ ᠪᠠᠶᠢᠨ᠎ᠠ᠃ | ︽ᠤᠭ ᠴᠢᠨᠠᠷ - ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠠᠮᠢᠳᠤᠷᠠᠯ ᠤᠨ | ᠪᠣᠳᠠᠲᠤ ᠲᠡᠮᠳᠡᠭᠯᠡᠯ︾ ᠨᠣᠮ ᠪᠣᠯ ᠵᠣᠬᠢᠶᠠᠯᠴᠢ ᠪᠡ᠊᠆·ᠨᠠᠰᠤᠨ᠋ᠤ᠋ᠷᠲᠤ 2021 ᠣᠨ ᠤ 3 ᠰᠠᠷ᠎ᠠ ᠳᠤ ᠪᠤᠭᠤᠲᠤ ᠬᠤᠳᠠ | ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠣᠨ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠨᠠᠶᠢᠳᠠᠯᠭ᠎ᠠ ᠶᠢ ᠬᠦᠯᠢᠶᠡᠵᠦ᠂ ᠭᠤᠷᠪᠠᠨ ᠵᠢᠯ ᠤᠨ ᠴᠠᠭ ᠵᠠᠷᠤᠴᠠᠭᠤᠯᠤᠨ | ᠵᠣᠬᠢᠶᠠᠨ ᠪᠦᠲᠦᠭᠡᠭᠰᠡᠨ ᠤᠷᠳᠤ ᠮᠡᠳᠡᠭᠡᠯᠡᠯ ᠤᠨ ᠤᠷᠠᠨ ᠵᠣᠬᠢᠶᠠᠯ ᠪᠣᠯᠣᠨ᠎ᠠ᠃ ᠲᠤᠰ ᠨᠣᠮ ᠳᠤ ︽ᠲᠠᠯ᠎ᠠ ᠨᠤᠲᠤᠭ ᠤᠨ | ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠬᠡᠳᠦᠨ ᠠᠷᠪᠠᠨ ᠵᠢᠯ ᠤᠨ ᠲᠤᠷᠰᠢ ᠤᠭ ᠴᠢᠨᠠᠷ ᠢᠶᠠᠨ ᠬᠠᠳᠠᠭᠠᠯᠠᠵᠤ᠂ | ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ᠂ ᠠᠷᠠᠳ ᠲᠦᠮᠡᠨ ᠢᠶᠠᠨ | ᠬᠠᠶᠢᠷᠠᠯᠠᠬᠤ ᠶᠢ ᠴᠠᠭ ᠢᠮᠠᠭᠲᠠ ᠪᠠᠷᠢᠮᠲᠠᠯᠠᠨ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠯᠧᠢ | ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ | ᠪᠣᠯᠣᠨ ᠥᠭᠡᠷᠡᠴᠢᠯᠡᠯᠲᠡ ᠬᠥᠭᠵᠢᠯᠲᠡ ᠶᠢᠨ ᠦᠢᠯᠡᠰ ᠲᠤ ᠭᠠᠪᠢᠶ᠎ᠠ ᠵᠢᠳᠬᠦᠯ ᠦᠵᠡᠭᠦᠯᠵᠦ ᠶᠠᠪᠤᠭᠰᠠᠨ ᠠᠮᠢᠳᠤᠷᠠᠯ | ᠲᠡᠮᠡᠴᠡᠯ ᠤᠨ ᠲᠡᠦᠬᠡ ᠶᠢ ᠪᠢᠴᠢᠭᠯᠡᠭᠰᠡᠨ ᠪᠠᠶᠢᠨ᠎ᠠ᠃ ᠭᠤᠷᠪᠠᠨ ᠵᠢᠯ ᠤᠨ ᠬᠤᠭᠤᠴᠠᠭᠠᠨ ᠳᠤ᠂ ᠵᠣᠬᠢᠶᠠᠯᠴᠢ | ᠪᠡ᠊᠆·ᠨᠠᠰᠤᠨ᠋ᠤ᠋ᠷᠲᠤ ᠲᠠᠰᠤᠷᠠᠯᠳᠠ ᠦᠭᠡᠢ ᠰᠤᠷᠪᠤᠯᠵᠢᠯᠠᠨ ᠣᠶᠢᠯᠠᠭᠠᠵᠤ᠂ ᠪᠣᠷᠣ ᠮᠠᠲ᠋ᠧᠷᠢᠶᠠᠯ ᠬᠤᠷᠠᠮᠳᠤᠭᠤᠯᠤᠨ᠂ ᠨᠢᠮᠪᠠᠢ | ᠰᠡᠳᠬᠢᠨ ᠪᠢᠴᠢᠵᠡᠢ᠃ ᠣᠶᠢᠯᠠᠭᠠᠭᠰᠠᠨ ᠢᠶᠠᠷ᠂ ᠲᠤᠰ ᠨᠣᠮ ᠨᠢ ᠮᠥᠨ ᠴᠤ ᠥᠪᠡᠷᠲᠡᠭᠡᠨ ᠵᠠᠰᠠᠬᠤ ᠣᠷᠣᠨ ᠤ 2024 | ᠣᠨ ᠤ ᠴᠢᠬᠤᠯᠠ ᠶᠡᠭᠡ ᠭᠤᠣᠯ ᠰᠡᠳᠦᠪᠲᠦ ᠡᠭᠦᠳᠦᠨ ᠪᠦᠲᠦᠭᠡᠯᠭᠡ ᠶᠢᠨ ᠲᠦᠷᠤᠯ ᠵᠦᠢᠯ ᠪᠣᠯᠣᠨ᠎ᠠ᠃ | | |