ᠬᠠᠶᠢᠷ᠎ᠠ ᠬᠠᠯᠠᠮᠵᠢ ᠪᠠᠷ ᠴᠠᠭᠳᠠᠭᠠᠨ ᠤ ᠰᠡᠳᠬᠢᠯ ᠢ ᠳᠤᠯᠠᠭᠠᠴᠠᠭᠤᠯᠤᠨ ᠴᠠᠭᠳᠠᠭ᠎ᠠ ᠪᠣᠯᠤᠨ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠪᠠᠶᠢᠳᠠᠯ ᠢ ᠬᠠᠮᠲᠤᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2025/1/9
    ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 7  ᠤ ᠡᠳᠦᠷ᠂ ᠥᠪᠥᠷ ᠮᠣᠩᠭᠤᠯ ᠤᠨ ᠾᠧ ᠰᠢᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠤᠸᠠᠨ ᠵᠢᠶᠣᠣ ᠭᠤᠳᠤᠮᠵᠢ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠬᠥᠬᠡᠬᠤᠲᠠ ᠶᠢᠨ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶᠠᠨ ᠤ ᠴᠠᠭᠳᠠᠭ᠎ᠠ ᠶᠢᠨ ᠨᠡᠶᠢᠭᠡᠮᠯᠢᠭ  ᠲᠤ ᠬᠠᠶᠢᠷ᠎ᠠ ᠬᠠᠯᠠᠮᠵᠢ ᠪᠠᠷ ᠬᠠᠨᠳᠢᠪᠯᠡᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠲᠤᠰᠠᠯᠠᠬᠤ ᠴᠠᠭᠳᠠᠭ᠎ᠠ ᠣᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ ᠢ ᠪᠠᠲᠤ ᠰᠠᠬᠢᠵᠤ᠂ ᠠᠮᠤᠷ ᠠᠮᠤᠭᠤᠯᠠᠩ ᠲᠥᠪ ᠬᠤᠲᠠ ᠶᠢ ᠪᠦᠲᠦᠭᠡᠨ ᠪᠠᠶᠢᠭᠤᠯᠬᠤ᠂ ᠠᠷᠠᠳ ᠣᠯᠠᠨ ᠤ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠥᠬᠦᠷᠡᠯ ᠦᠭᠡᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠭᠰᠡᠨ‌‍ᠪᠠᠶᠢᠨ᠎ᠠ᠃
    ᠬᠠᠨᠳᠢᠪᠯᠡᠨ ᠬᠦᠷᠭᠡᠬᠦ ᠠᠵᠢᠯᠯᠠᠭ᠎ᠠ ᠳᠤᠮᠳᠠ᠂ ᠬᠤᠶᠠᠷ ᠺᠣᠮᠫᠠᠨᠢ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠠᠨ ᠤ ᠨᠡᠶᠢᠭᠡᠮᠯᠢᠭ ᠲᠤ 2000 ᠤᠭᠤᠲᠠ ᠲᠤᠲᠤᠷᠭ᠎ᠠ ᠶᠢ 25 ᠲᠦᠮᠡᠨ ᠲᠥᠭᠦᠷᠢᠭ ᠬᠠᠨᠳᠢᠪᠯᠡᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠷᠠᠳ ᠤᠨ ᠲᠤᠰᠠᠯᠠᠬᠤ ᠴᠠᠭᠳᠠᠭ᠎ᠠ ᠶᠢᠨ ᠤᠷᠳᠤ ᠬᠤᠭᠤᠴᠠᠭᠠᠨ ᠤ ᠲᠤᠷᠰᠢ ᠪᠠᠭ᠎ᠠ ᠭᠡᠷ ᠢᠶᠠᠨ ᠬᠠᠶᠠᠵᠤ ᠤᠯᠠᠨ ᠢ ᠬᠠᠷᠠᠭᠠᠯᠵᠠᠵᠤ᠂ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠬᠦᠴᠢᠷ ᠢ ᠰᠥᠷᠦᠨ ᠤᠷᠤᠭᠰᠢᠯᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠨᠢᠭᠡᠳᠦᠭᠡᠷ ᠹᠷᠣᠨᠲ ᠢ ᠪᠠᠲᠤ ᠰᠠᠬᠢᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠳᠤ ᠦᠢᠯᠡᠴᠢᠯᠡᠬᠦ᠂ ᠠᠵᠤ ᠠᠬᠤᠢ ᠶᠢᠨ ᠬᠥᠭᠵᠢᠯᠲᠡ ᠶᠢ ᠬᠠᠮᠠᠭᠠᠯᠠᠬᠤ ᠵᠡᠷᠭᠡ ᠲᠠᠯ᠎ᠠ ᠪᠠᠷ ᠭᠠᠷᠭᠠᠭᠰᠠᠨ ᠰᠢᠷᠭᠠᠭᠤ ᠲᠡᠮᠡᠴᠡᠯ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠬᠦ ᠶᠢᠨ ᠬᠠᠮᠲᠤ ᠥᠩᠭᠡᠷᠡᠭᠰᠡᠨ ᠲᠠᠢ ᠪᠠᠨ ᠠᠳᠠᠯᠢ ᠪᠠᠷ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠳᠡᠮᠵᠢᠵᠦ᠂ ᠤᠯᠠᠨ ᠶᠠᠩᠵᠤ ᠶᠢᠨ ᠬᠡᠯᠪᠡᠷᠢ ᠶᠢᠨ ᠴᠠᠭᠳᠠᠭ᠎ᠠ ᠶᠢ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠬᠦ ᠶᠢ ᠢᠳᠡᠪᠬᠢᠲᠡᠢ ᠠᠬᠢᠭᠤᠯᠵᠤ᠂ ᠴᠠᠭᠳᠠᠭ᠎ᠠ ᠶᠢ ᠬᠠᠶᠢᠷᠠᠯᠠᠬᠤ ᠴᠠᠭᠳᠠᠭᠠᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃
    ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢ ᠲᠥᠯᠥᠭᠡᠯᠡᠨ ᠬᠠᠯᠠᠭᠤᠨ ᠰᠡᠳᠬᠢᠯᠭᠡ ᠲᠠᠢ ᠠᠵᠤ ᠠᠬᠤᠶᠢᠯᠠᠯ ᠤᠨ ᠪᠡᠯᠡᠭᠯᠡᠨ ᠬᠦᠷᠭᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠄ ︽ᠡᠨᠡ ᠬᠦ ᠪᠡᠯᠡᠭ ᠨᠢ ᠪᠢᠳᠡᠨ ᠳᠤ ᠥᠷᠭᠡᠨ ᠤᠯᠠᠨ ᠲᠦᠮᠡᠨ ᠤ ᠳᠡᠮᠵᠢᠯᠭᠡ ᠪᠠ ᠢᠲᠡᠭᠡᠯ ᠢ ᠮᠡᠳᠡᠷᠡᠭᠦᠯᠵᠦ᠂ ᠪᠠᠰᠠ ᠪᠢᠳᠡᠨ ᠤ ᠨᠡᠩ ᠴᠢᠷᠮᠠᠶᠢᠨ ᠠᠵᠢᠯᠯᠠᠬᠤ ᠶᠢ ᠵᠣᠷᠢᠭᠵᠢᠭᠤᠯᠵᠤ ᠪᠠᠶᠢᠨ᠎ᠠ᠂ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠮᠤᠷ ᠠᠮᠤᠭᠤᠯᠠᠩ ᠬᠠᠤᠯᠢᠵᠢᠯ ᠤᠨ ᠪᠠᠶᠢᠭᠤᠯᠤᠯᠲᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
    ᠴᠠᠭᠳᠠᠭ᠎ᠠ ᠪᠣᠯᠤᠨ ᠠᠷᠠᠳ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠲᠣᠬᠤᠨᠢᠭᠤᠯᠤᠯ ᠨᠢ ᠴᠠᠭᠳᠠᠭ᠎ᠠ ᠪᠣᠯᠤᠨ ᠠᠷᠠᠳ ᠤᠨ ᠵᠢᠭᠠᠰᠤ ᠤᠰᠤᠨ ᠤ ᠪᠠᠶᠢᠳᠠᠯ ᠢ ᠢᠯᠡᠷᠡᠭᠦᠯᠵᠦ᠂ ᠴᠠᠭᠳᠠᠭᠠᠨ ᠤ ᠶᠠᠪᠤᠳᠠᠯ ᠤᠨ ᠠᠵᠢᠯᠲᠠᠨ ᠤ ᠠᠵᠢᠯ ᠢ ᠨᠤᠲᠠᠯᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠣᠷᠣᠯᠴᠠᠵᠤ᠂ ᠴᠠᠭᠳᠠᠭᠠᠨ ᠤ ᠶᠠᠪᠤᠳᠠᠯ ᠤᠨ ᠠᠵᠢᠯᠲᠠᠳ ᠢ ᠬᠠᠮᠲᠤ ᠪᠠᠷ ᠬᠠᠯᠠᠮᠵᠢᠯᠠᠨ ᠬᠠᠶᠢᠷᠠᠯᠠᠬᠤ ᠪᠣᠳᠠᠲᠠᠢ ᠢᠯᠡᠷᠡᠯ ᠪᠠᠶᠢᠵᠤ᠂ ᠴᠠᠭᠳᠠᠭ᠎ᠠ ᠶᠢ ᠬᠦᠨᠳᠦᠳᠬᠡᠨ ᠴᠠᠭᠳᠠᠭ᠎ᠠ ᠶᠢ ᠬᠠᠶᠢᠷᠠᠯᠠᠬᠤ᠂ ᠴᠠᠭᠳᠠᠭ᠎ᠠ ᠪᠣᠯᠤᠨ ᠠᠷᠠᠳ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠴᠠᠭᠳᠠᠭ᠎ᠠ ᠪᠣᠯᠤᠨ ᠠᠵᠤ ᠠᠬᠤᠶᠢᠯᠠᠯ ᠭᠠᠷ ᠬᠤᠯᠪᠣᠨ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号