ᠬᠦᠴᠦ ᠪᠠᠨ ᠲᠥᠪᠯᠡᠷᠡᠭᠦᠯᠦᠨ ᠢᠯᠠᠯᠲᠠ ᠣᠯᠵᠤ ᠠᠮᠤᠷ ᠲᠦᠪᠰᠢᠨ ᠬᠠᠤᠯᠢᠵᠢᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2025/1/9
   ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠦᠷ᠎ᠡ  ᠪᠦᠲᠦᠮᠵᠢ ᠶᠢᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ  ᠲᠣᠮᠢᠯᠠᠭᠰᠠᠨ ᠰᠠᠯᠪᠤᠷᠢ ᠶᠢᠨ ᠳᠦᠷᠢᠮᠵᠢᠭᠰᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠣᠮᠢᠯᠠᠭᠰᠠᠨ  ᠰᠠᠯᠪᠤᠷᠢ ᠶᠢᠨ ᠠᠷᠠᠳ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠠᠮᠤᠷ  ᠲᠦᠪᠰᠢᠨ ᠢ ᠬᠠᠮᠠᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠣᠶᠢᠷ᠎ᠠ ᠶᠢᠨ ᠡᠳᠦᠷ᠂  ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠲᠣᠩ ᠠᠷᠠᠳ ᠤᠨ ᠬᠤᠪᠢᠶᠠᠷᠢ ᠲᠣᠪᠴᠢᠶ᠎ᠠ ᠶᠢᠨ  ᠲᠦᠩ ᠳ᠋ᠣᠣ ᠵᠡᠭᠡᠯᠢ ᠶᠢᠨ ᠲᠣᠮᠢᠯᠠᠭᠰᠠᠨ ᠰᠠᠯᠪᠤᠷᠢ ᠠᠷᠠᠳ ᠲᠦᠮᠡᠨ ᠳᠤ ᠠᠵᠢᠯ ᠤᠨ ᠬᠠᠷᠢᠭᠤ  ᠮᠡᠳᠡᠭᠦᠯᠬᠦ ᠶᠠᠷᠢᠯᠴᠠᠬᠤ  ᠬᠤᠷᠠᠯ ᠬᠤᠷᠠᠯᠳᠤᠭᠤᠯᠵᠤ᠂ ᠲᠤᠰ ᠤᠳᠠᠭᠠᠨ ᠤ ᠬᠤᠷᠠᠯ ᠳᠤ ᠣᠷᠣᠯᠴᠠᠬᠤ ᠬᠥᠮᠥᠰ ᠲᠤ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂  ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠺᠣᠮᠫᠠᠨᠢ ᠶᠢᠨ ᠬᠡᠷᠡᠭ ᠮᠡᠳᠡᠭᠴᠢ᠂ ᠵᠠᠭᠤᠴᠢᠯᠠᠭᠤᠷ ᠤᠨ  ᠰᠤᠷᠪᠤᠯᠵᠢᠯᠠᠭᠴᠢ᠂ ᠠᠵᠢᠯ ᠲᠥᠷᠥᠯ ᠤᠨ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ ᠵᠡᠷᠭᠡ ᠨᠡᠶᠢᠲᠡ 20  ᠭᠠᠷᠤᠢ ᠬᠥᠮᠥᠨ ᠪᠠᠶᠢᠨ᠎ᠠ᠃
   ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠲᠦᠩ ᠳ᠋ᠣᠣ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ  ᠳᠠᠷᠤᠭ᠎ᠠ ᠬᠠᠷᠢᠶᠠᠲᠤ ᠣᠷᠣᠨ ᠤ ᠣᠯᠠᠨ ᠲᠦᠮᠡᠨ ᠤ ᠨᠢᠭᠲᠠ ᠠᠩᠬᠠᠷᠴᠤ ᠪᠠᠶᠢᠭ᠎ᠠ ᠨᠡᠶᠢᠭᠡᠮ ᠤᠨ ᠠᠮᠤᠷ ᠲᠦᠪᠰᠢᠨ ᠤ  ᠠᠰᠠᠭᠤᠳᠠᠯ ᠳᠤ ᠴᠢᠭᠯᠡᠭᠦᠯᠦᠨ᠂ ᠲᠣᠭᠤᠷᠢᠨ ᠪᠠᠶᠢᠴᠠᠭᠠᠬᠤ᠂ ᠡᠵᠡᠮᠳᠡᠬᠦ᠂ ᠴᠣᠬᠢᠯᠲᠠ ᠥᠭᠬᠦ᠂ ᠰᠢᠯᠵᠢᠭᠦᠯᠦᠨ ᠥᠭᠬᠦ᠂  ᠤᠬᠠᠭᠤᠯᠤᠨ ᠲᠠᠶᠢᠯᠪᠤᠷᠢᠯᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠨᠠᠷᠢᠨ ᠲᠠᠨᠢᠯᠴᠠᠭᠤᠯᠵᠤ᠂ 2024 ᠣᠨ ᠤ  ᠬᠠᠷᠢᠶᠠᠲᠤ ᠣᠷᠣᠨ ᠤ ᠬᠡᠷᠡᠭ ᠭᠠᠷᠤᠭᠰᠠᠨ ᠪᠠᠶᠢᠳᠠᠯ ᠪᠠ ᠬᠡᠷᠡᠭ ᠢ ᠰᠢᠢᠳᠪᠦᠷᠢᠯᠡᠭᠰᠡᠨ ᠪᠠᠶᠢᠳᠠᠯ ᠢᠶᠠᠨ ᠨᠠᠷᠢᠨ ᠬᠢᠨᠠᠮᠠᠭᠠᠢ  ᠬᠠᠷᠢᠭᠤ ᠮᠡᠳᠡᠭᠦᠯᠵᠦ᠂ ᠲᠣᠮᠢᠯᠠᠭᠰᠠᠨ ᠰᠠᠯᠪᠤᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ  ᠥᠭᠭᠦᠭᠰᠡᠨ ᠠᠵᠢᠯ ᠤᠨ ᠦᠷ᠎ᠡ ᠪᠦᠲᠦᠮᠵᠢ ᠶᠢ ᠰᠢᠭᠤᠳ ᠬᠠᠷᠠᠭᠤᠯᠪᠠ᠃
   ᠡᠭᠦᠨ ᠤ ᠬᠠᠮᠲᠤ ︽ᠬᠤᠶᠠᠷ ᠠᠩᠭᠢ ᠨᠢᠭᠡ ᠲᠠᠰᠤᠭ︾᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠬᠠᠷᠢᠶᠠᠲᠤ  ᠣᠷᠣᠨ ᠤ ᠠᠮᠤᠷ ᠢ ᠬᠠᠮᠠᠭᠠᠯᠠᠬᠤ᠂ ᠰᠤᠷᠭᠠᠭᠤᠯᠢ ᠶᠢ ᠬᠠᠮᠠᠭᠠᠯᠠᠨ ᠴᠡᠴᠡᠷᠯᠢᠭ ᠢ ᠠᠮᠤᠷᠵᠢᠭᠤᠯᠬᠤ᠂ ᠲᠣᠭᠤᠷᠢᠨ ᠴᠠᠭᠳᠠᠵᠤ  ᠰᠡᠷᠭᠡᠶᠢᠯᠡᠨ ᠡᠵᠡᠮᠳᠡᠬᠦ ᠵᠡᠷᠭᠡ ᠠᠵᠢᠯ ᠪᠣᠯᠣᠨ ᠬᠤᠷᠠᠯ ᠳᠤ ᠣᠷᠣᠯᠴᠠᠭᠰᠠᠨ ᠲᠥᠯᠥᠭᠡᠯᠡᠭᠴᠢ᠂ ᠥᠷᠭᠡᠨ ᠣᠯᠠᠨ ᠠᠷᠠᠳ  ᠲᠦᠮᠡᠨ ᠭᠦᠨᠵᠡᠭᠡᠢ ᠶᠠᠷᠢᠯᠴᠠᠨ ᠰᠣᠯᠢᠯᠴᠠᠬᠤ ᠶᠢᠨ ᠬᠠᠮᠲᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠯᠣᠨ  ᠬᠠᠷᠢᠶ᠎ᠠ ᠣᠷᠣᠨ ᠤ ᠣᠯᠠᠨ ᠲᠦᠮᠡᠨ ᠤ ᠲᠣᠮᠢᠯᠠᠭᠰᠠᠨ ᠰᠠᠯᠪᠤᠷᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ  ᠳᠠᠷᠤᠤ ᠬᠢᠴᠢᠶᠡᠩᠭᠦᠢ ᠪᠠᠷ ᠬᠤᠷᠢᠶᠠᠭᠰᠠᠨ ᠪᠥᠭᠡᠳ ᠬᠡᠰᠡᠭ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ  ᠭᠠᠷᠳᠠᠭᠤᠯᠵᠤ᠂ ᠨᠡᠶᠢᠲᠡ 9 ᠨᠡᠷᠡᠰ ︽ᠴᠠᠭᠳᠠᠭᠠᠨ ᠤ ᠳᠦᠷᠢ ᠲᠥᠷᠬᠦ ᠴᠠᠭᠳᠠᠭᠠᠨ ᠤ ᠰᠠᠬᠢᠯᠭ᠎ᠠ ᠪᠠᠲᠤ ᠶᠢᠨ ᠬᠢᠨᠠᠯᠲᠠ  ᠲᠠᠯᠪᠢᠭᠴᠢ︾᠂ 3 ᠨᠡᠷᠡᠰ ︽ᠵᠥᠷᠢᠴᠡᠯ ᠢ ᠡᠶᠡᠳᠡᠭᠦᠯᠬᠦ ᠵᠥᠪᠯᠡᠭᠴᠢ︾ ᠣᠯᠭᠤᠪᠠ᠃
   ᠡᠯ᠎ᠡ ᠡᠲᠡᠭᠡᠳ ᠤᠨ ᠲᠥᠯᠥᠭᠡᠯᠡᠭᠴᠢᠳ ᠵᠠᠮ ᠬᠠᠷᠢᠯᠴᠠᠭᠠᠨ ᠤ ᠲᠣᠮᠢᠯᠠᠭᠰᠠᠨ ᠰᠠᠯᠪᠤᠷᠢ ᠶᠢᠨ ᠡᠯ᠎ᠡ ᠵᠦᠢᠯ ᠤᠨ  ᠠᠵᠢᠯ ᠢ ᠭᠦᠢᠴᠡᠳ ᠨᠤᠲᠠᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠦᠷᠭᠦᠯᠵᠢᠯᠡᠨ ᠶᠡᠭᠡ ᠪᠠᠷ ᠳᠡᠮᠵᠢᠵᠦ᠂  ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠵᠦ᠂  ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠠᠮᠤᠷ ᠲᠣᠭᠲᠠᠭᠤᠨ ᠡᠶ᠎ᠡ ᠵᠣᠬᠢᠴᠠᠯ ᠢ ᠬᠠᠮᠲᠤ ᠪᠠᠷ  ᠬᠠᠮᠠᠭᠠᠯᠠᠨ᠎ᠠ ᠭᠡᠵᠦ ᠢᠯᠡᠳᠬᠡᠪᠡ᠃
   ᠲᠣᠰ ᠤᠳᠠᠭᠠᠨ ᠤ ︽ᠠᠷᠠᠳ ᠲᠦᠮᠡᠨ ᠳᠤ ᠮᠡᠳᠡᠭᠦᠯᠬᠦ︾ ᠠᠵᠢᠯᠯᠠᠭ᠎ᠠ ᠪᠠᠷ ᠳᠠᠮᠵᠢᠭᠤᠯᠤᠨ᠂ ᠲᠣᠮᠢᠯᠠᠭᠰᠠᠨ  ᠰᠠᠯᠪᠤᠷᠢ ᠶᠢᠨ ᠥᠷᠭᠡᠨ ᠣᠯᠠᠨ ᠠᠷᠠᠳ ᠲᠦᠮᠡᠨ ᠲᠠᠢ ᠤᠯᠠᠮ ᠨᠢᠭᠡ ᠠᠯᠬᠤᠮ ᠣᠶᠢᠷᠠᠲᠤᠵᠤ᠂ ᠣᠶᠢᠯᠠᠭᠠᠯᠴᠠᠭ᠎ᠠ ᠪᠠ  ᠨᠡᠪᠲᠡᠷᠡᠯᠴᠡᠭᠡ ᠪᠠᠨ ᠨᠡᠮᠡᠭᠳᠡᠭᠦᠯᠵᠦ᠂ ᠵᠠᠮ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ  ᠴᠠᠭᠳᠠᠭ᠎ᠠ ᠨᠠᠷ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠤᠨ ᠳᠤᠮᠳᠠ᠂ ᠥᠪᠡᠷ ᠤᠨ ᠡᠭᠦᠷᠭᠡ  ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠵᠦ᠂ ᠣᠯᠠᠨ ᠲᠦᠮᠡᠨ ᠤ ᠠᠰᠢᠭ ᠲᠤᠰᠠ ᠶᠢᠨ  ᠠᠰᠠᠭᠤᠳᠠᠯ ᠢ ᠦᠨᠡᠨ ᠬᠦ ᠰᠢᠢᠳᠪᠦᠷᠢᠯᠡᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ  ᠵᠣᠷᠢᠭ ᠰᠠᠨᠠᠭᠠᠨ ᠤ ᠠᠭᠤᠯᠤᠭᠳᠠᠬᠤᠨ ᠢ ᠣᠨᠣᠪᠴᠢᠲᠠᠶ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠤᠨᠢ  ᠲᠣᠬᠢᠷᠠᠭᠤᠯᠤᠨ᠂ ᠨᠡᠶᠢᠭᠡᠮ ᠲᠣᠭᠤᠷᠢᠭ ᠤᠨ ᠪᠣᠳᠠᠲᠠᠢ ᠳᠤ ᠲᠣᠬᠢᠷᠠᠬᠤ ᠴᠠᠭᠳᠠᠭᠠᠨ ᠤ ᠶᠠᠪᠤᠳᠠᠯ ᠤᠨ ᠵᠠᠭᠪᠤᠷ ᠢ ᠬᠠᠶᠢᠨ  ᠰᠦᠪᠡᠭᠴᠢᠯᠡᠵᠦ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠤᠨ ᠰᠢᠨ᠎ᠡ ᠶᠢ  ᠡᠭᠦᠳᠴᠦ᠂ ᠴᠠᠭᠳᠠᠭ᠎ᠠ ᠠᠷᠠᠳ ᠬᠠᠷᠢᠯᠴᠠᠨ ᠬᠥᠳᠡᠯᠦᠯᠴᠡᠬᠦ ︽ᠰᠡᠳᠬᠢᠯ ᠤᠨ ᠬᠥᠭᠦᠷᠭᠡ︾ ᠶᠢ ᠦᠨᠡᠨ ᠬᠦ ᠪᠠᠶᠢᠭᠤᠯᠵᠤ᠂  ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠨᠢᠭᠡᠳᠦᠭᠡᠷ ᠬᠥᠭᠡᠭᠡᠴᠡᠯᠳᠦᠯ ᠪᠣᠯᠭᠠᠵᠤ᠂ ᠳᠣᠲᠣᠭᠠᠳᠤ ᠶᠢ  ᠬᠠᠮᠠᠭᠠᠯᠠᠬᠤ ᠠᠵᠢᠯ ᠢ ᠨᠠᠩ ᠰᠠᠶᠢᠲᠤᠷ ᠬᠢᠵᠦ᠂ ᠥᠷᠭᠡᠨ ᠣᠯᠠᠨ ᠲᠦᠮᠡᠨ ᠳᠤ ᠠᠮᠤᠷ ᠲᠠᠶᠢᠪᠤᠩ ᠠᠵᠤ ᠲᠦᠷᠦᠭᠦ  ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ ᠭᠡᠵᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号