ᠬᠤᠲᠣᠩ ᠠᠷᠠᠳ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  2024 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠲ᠊
ᠨᠡᠶᠢᠲᠡᠯᠡᠭᠰᠡᠨ ᠴᠠᠭ᠄
2025/1/9
    2024 ᠣᠨ ᠤ 11 ᠰᠠᠷ᠎ᠠ ᠶᠢᠨ 1 ᠤ ᠡᠳᠦᠷ᠂ ᠴᠢᠶᠣᠤ ᠸᠧᠨ ᠵᠢᠶᠧ ᠨᠥᠬᠦᠷ 2024 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠪᠴᠢ ᠨᠢ ᠳᠣᠣᠷᠠᠬᠢ ᠮᠡᠲᠦ᠃     ᠨᠢᠭᠡ᠂ ︽ᠬᠤᠲᠣᠩ ᠠᠷᠠᠳ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ︵2024 -2030 ᠣᠨ︶︾᠂ ︽ᠬᠤᠲᠣᠩ ᠠᠷᠠᠳ ᠤᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ︵2024᠂ 2030 ᠣᠨ︶︾᠂ ︽ᠬᠤᠲᠣᠩ ᠠᠷᠠᠳ ᠤᠨ ᠲᠣᠭᠤᠷᠢᠭ ᠤᠨ ᠳ᠋ᠤᠸᠠᠨ ᠵᠢᠶᠠ ᠶᠣᠣ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠬᠠᠭᠳᠠᠬᠤᠨ ᠤ ᠴᠢᠨᠠᠷᠲᠠᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ︾ ᠶᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ ᠵᠥᠩ ᠴᠢᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ︽ᠬᠤᠲᠣᠩ ᠠᠷᠠᠳ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ︵2024-2030 ᠣᠨ︶︾᠂ ︽ᠬᠤᠲᠣᠩ ᠠᠷᠠᠳ ᠤᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ︵2024-2030 ᠣᠨ︶︾᠂ ︽ᠬᠤᠲᠣᠩ ᠠᠷᠠᠳ ᠤᠨ ᠲᠣᠭᠤᠷᠢᠭ ᠤᠨ ᠳ᠋ᠤᠸᠠᠨ ᠵᠢᠶᠠ ᠶᠣᠣ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠬᠠᠭᠳᠠᠬᠤᠨ ᠤ ᠴᠢᠨᠠᠷᠲᠠᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ︾ ᠶᠢ ᠲᠤᠭᠤᠷᠪᠢᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠣᠩ ᠠᠷᠠᠳ ᠤᠨ ᠲᠣᠭᠤᠷᠢᠭ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠤᠳᠠ ᠶᠢᠨ ︽ᠨᠢᠭᠡ ᠬᠤᠲᠣᠩ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠣᠰᠣᠭᠠᠷ᠂ ︽ᠨᠢᠭᠡ ᠲᠣᠭᠤᠷᠢᠭ ᠨᠢᠭᠡ ᠪᠦᠰᠡ ᠨᠢᠭᠡ ᠵᠠᠮ︾ ᠤᠨ ᠪᠣᠳᠠᠲᠠᠢ ᠪᠠᠶᠢᠳᠠᠯ ᠳᠤ ᠰᠠᠭᠤᠷᠢᠯᠠᠵᠤ᠂ ᠢᠳᠡᠷ ᠵᠠᠯᠠᠭᠤ ᠨᠠᠰᠤᠨ ᠤ ᠵᠢᠭᠤᠯᠴᠢᠯᠠᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠤᠷᠢᠵᠤ ︽ᠬᠤᠲᠣᠩ ᠠᠷᠠᠳ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ︾᠂ ︽ᠬᠤᠲᠣᠩ ᠠᠷᠠᠳ ᠤᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ︾᠂ ︽ᠬᠤᠲᠣᠩ ᠠᠷᠠᠳ ᠤᠨ ᠲᠣᠭᠤᠷᠢᠭ ᠤᠨ ᠳ᠋ᠤᠸᠠᠨ ᠵᠢᠶᠠ ᠶᠣᠣ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠬᠠᠭᠳᠠᠬᠤᠨ ᠤ ᠴᠢᠨᠠᠷᠲᠠᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ︾ ᠶᠢ ᠲᠤᠭᠤᠷᠪᠢᠵᠤ ᠨᠠᠶᠢᠷᠠᠭᠤᠯᠤᠨ ᠵᠣᠬᠢᠶᠠᠪᠠ᠃     ᠬᠤᠷᠠᠯ  ᠤᠨ ᠵᠠᠷᠴᠢᠮ ᠢᠶᠠᠷ ᠳᠠᠮᠵᠢᠵᠤ᠂ ︽ᠬᠤᠲᠣᠩ ᠠᠷᠠᠳ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ︵2024-2030 ᠣᠨ︶︾᠂ ︽ᠬᠤᠲᠣᠩ ᠠᠷᠠᠳ ᠤᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ︵2024-2030 ᠣᠨ︶︾᠂ ︽ᠬᠤᠲᠣᠩ ᠠᠷᠠᠳ ᠤᠨ ᠲᠣᠭᠤᠷᠢᠭ ᠤᠨ ᠳ᠋ᠤᠸᠠᠨ ᠵᠢᠶᠠ ᠶᠣᠣ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠬᠠᠭᠳᠠᠬᠤᠨ ᠤ ᠴᠢᠨᠠᠷᠲᠠᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ︾ ᠶᠢ ᠵᠠᠷᠴᠢᠮ ᠳᠡᠭᠡᠷ᠎ᠡ ᠪᠠᠨ ᠪᠠᠲᠤᠯᠠᠵᠤ᠂ ᠶᠠᠨᠠ ᠲᠣᠭᠤᠷᠢᠭ ᠤᠨ ᠳᠡᠳ᠋ ᠳᠠᠷᠤᠭ᠎ᠠ ᠪᠠᠷ ᠲᠦᠷᠦᠭᠦᠯᠡᠭᠦᠯᠦᠨ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠬᠠᠷᠢᠭᠤᠴᠠᠵᠤ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠤᠯᠠᠮ ᠨᠢᠭᠡ ᠠᠯᠬᠤᠮ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃    ᠬᠤᠶᠠᠷ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠮᠠᠨ ᠤ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠬᠠᠷᠢᠭᠤᠴᠠᠵᠤ᠂ ᠵᠢᠯ ᠤᠨ ᠡᠬᠢᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠬᠢᠨᠠᠨ ᠰᠢᠯᠭᠠᠬᠤ ᠨᠠᠷᠢᠨ ᠳᠦᠷᠢᠮ ᠵᠢᠴᠢ ᠬᠠᠷᠢᠭᠤ ᠲᠤᠰᠬᠠᠭᠰᠠᠨ ᠠᠰᠠᠭᠤᠳᠠᠯ ᠲᠠᠢ ᠴᠢᠩᠭ᠎ᠠ ᠬᠠᠷᠢᠴᠠᠭᠤᠯᠤᠨ᠂ ᠴᠠᠭ ᠲᠤᠬᠠᠢ ᠳᠤᠨᠢ ᠪᠠᠶᠢᠴᠠᠭᠠᠨ ᠨᠥᠬᠦᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠲᠣᠭᠠᠴᠢᠯᠠᠭᠰᠠᠨ ᠣᠶᠤᠨᠴᠢ ᠤᠷᠭᠤᠮᠠᠯ ᠤᠨ ᠦᠢᠯᠡᠳᠪᠦᠷᠢ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠯᠬᠤᠮ ᠠᠯᠬᠤᠮ ᠢᠶᠠᠷ ᠬᠡᠪᠴᠢᠶ᠎ᠡ ᠲᠠᠢ᠂ ᠠᠵᠤ ᠦᠢᠯᠡᠰ ᠢ ᠪᠦᠷᠢᠯᠳᠦᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠠᠮᠵᠢᠯᠴᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠪᠡᠯᠡ ᠮᠥᠩᠭᠦ ᠶᠢ ᠲᠣᠭᠲᠠᠭᠰᠠᠨ ᠬᠤᠭᠤᠴᠠᠭᠠᠨ ᠳᠤ ᠲᠤᠭ᠎ᠠ ᠶᠣᠰᠣᠭᠠᠷ ᠰᠢᠯᠵᠢᠭᠦᠯᠦᠨ ᠥᠭᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号