ᠬᠤᠲᠣᠩ ᠠᠷᠠᠳ ᠶᠢᠨ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ2024 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠲ᠊
ᠨᠡᠶᠢᠲᠡᠯᠡᠭᠰᠡᠨ ᠴᠠᠭ᠄
2025/1/9
    2024 ᠣᠨ ᠤ 11 ᠰᠠᠷ᠎ᠠ ᠶᠢᠨ 13 ᠤ ᠡᠳᠦᠷ᠂ ᠴᠢᠶᠣᠤ ᠸᠧᠨ ᠵᠢᠶᠧ ᠨᠥᠬᠦᠷ 2024 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠪᠴᠢ ᠨᠢ ᠳᠣᠣᠷᠠᠬᠢ ᠮᠡᠲᠦ᠃     ᠨᠢᠭᠡ᠂ ᠶᠡᠷᠦᠩᠬᠡᠢ ᠱᠦᠵᠢ ᠰᠢ ᠶᠢᠨ ᠫᠢᠩ ᠭᠤᠸᠠᠩᠳᠦ᠋ᠩ ᠮᠤᠵᠢ ᠤᠨ ᠵᠦᠬᠠᠢ ᠳᠤ ᠲᠡᠷᠭᠡ ᠵᠢᠯᠣᠭᠤᠳᠤᠨ ᠬᠥᠮᠥᠨ ᠮᠥᠷᠭᠦᠭᠰᠡᠨ ᠬᠡᠷᠡᠭ ᠤᠨ ᠴᠢᠬᠤᠯᠠ ᠵᠢᠭᠠᠪᠤᠷᠢ ᠶᠢ ᠳᠠᠮᠵᠢᠭᠤᠯᠤᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠮᠤᠵᠢ ᠤᠨ ᠵᠦᠬᠠᠢ ᠳ᠋ᠤ᠋‌ᠮᠠᠰᠢᠨ ᠲᠡᠷᠭᠡ ᠵᠢᠯᠣᠭᠤᠳᠤᠨ ᠬᠥᠮᠥᠨ ᠮᠥᠷᠭᠦᠭᠰᠡᠨ ᠬᠡᠷᠡᠭ ᠤᠨ ᠲᠤᠬᠠᠢ ᠴᠢᠬᠤᠯᠠ ᠵᠢᠭᠠᠪᠤᠷᠢ ᠶᠢ ᠳᠠᠮᠵᠢᠭᠤᠯᠤᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠵᠦᠬᠠᠢ ᠳᠤ ᠭᠠᠷᠤᠭᠰᠠᠨ ᠲᠡᠷᠭᠡ ᠵᠢᠯᠤᠭᠤᠳᠴᠤ ᠶᠠᠪᠠᠭᠠᠨ ᠬᠥᠮᠥᠨ ᠢ ᠳᠠᠭᠠᠷᠢᠭᠰᠠᠨ ᠬᠡᠷᠡᠭ ᠨᠢ  ᠬᠦᠮᠦᠨ ᠳᠤ ᠬᠦᠨᠳᠦ ᠶᠡᠭᠡ ᠦᠬᠦᠯ ᠰᠢᠷᠠᠭᠲᠠᠯ ᠪᠤᠯᠵᠤ᠂ ᠨᠡᠶᠢᠭᠡᠮ ᠳᠤ ᠬᠦᠨᠳᠦ ᠶᠡᠭᠡ ᠨᠡᠵᠡᠭᠠᠢ ᠨᠦᠯᠦᠭᠡ ᠪᠣᠯᠣᠭᠰᠠᠨ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠣᠯᠬᠤ ᠶᠢ ᠪᠠᠲᠤ ᠴᠡᠭᠡᠵᠢᠯᠡᠵᠦ᠂ ᠭᠦᠨᠵᠡᠭᠡᠢ ᠲᠤᠩᠭᠠᠨ ᠪᠣᠳᠣᠯᠬᠢᠯᠠᠵᠤ ᠰᠡᠷᠡᠮᠵᠢ ᠲᠠᠢ ᠪᠠᠶᠢᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠮᠠᠨ ᠤ ᠣᠷᠣᠨ ᠤ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠶᠠᠷ᠂ ︽ᠬᠤᠲᠠ ᠶᠢᠨ ᠵᠠᠭᠠᠯᠳᠤᠯᠭ᠎ᠠ ᠶᠢ ᠬᠦᠯᠢᠶᠡᠨ  ᠠᠪᠤᠪᠠᠯ ᠳᠠᠷᠤᠢ ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠤᠨ ︿ᠠᠵᠢᠯ ᠤᠨ ᠮᠡᠳᠡᠭᠦᠯᠦᠯᠲᠡ﹀ ︾᠂ ᠶᠢ ᠤᠯᠠᠮᠵᠢᠯᠠᠵᠤ᠂ ᠮᠠᠨ ᠤ ᠲᠣᠭᠤᠷᠢᠭ ᠤᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ     ᠬᠤᠷᠠᠯ ᠠᠴᠠ ︽ᠬᠤᠳᠠ ᠶᠢᠨ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠤᠨ ︿ᠠᠵᠢᠯ ᠤᠨ ᠮᠡᠳᠡᠭᠦᠯᠦᠯᠲᠡ﹀ ︾᠂ ᠶᠢ ᠤᠯᠠᠮᠵᠢᠯᠠᠵᠤ᠂ ᠲᠣᠭᠤᠷᠢᠭ ᠤᠨ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠲᠥᠪ ᠤᠨ ᠵᠠᠩ ᠢ ᠶᠢᠨ ᠣᠶᠢᠷ᠎ᠠ ᠶᠢᠨ ᠬᠤᠭᠤᠴᠠᠭᠠᠨ ᠤ ᠵᠠᠭᠠᠯᠳᠤᠯᠭ᠎ᠠ ᠶᠢ ᠬᠦᠯᠢᠶᠡᠨ ᠠᠪᠤᠪᠠᠯ‌‍ᠲ᠋ᠠᠷᠤᠢ ᠰᠢᠢᠳᠪᠦᠷᠢᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号