2024 ᠣᠨ ᠤ 11 ᠰᠠᠷ᠎ᠠ ᠶᠢᠨ 30 ᠤ ᠡᠳᠦᠷ᠂ ᠴᠢᠶᠣᠤ ᠸᠧᠨ ᠵᠢᠶᠧ ᠨᠥᠬᠦᠷ 2024 ᠣᠨ ᠤ 24 | ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠪᠴᠢ ᠨᠢ ᠳᠣᠣᠷᠠᠬᠢ ᠮᠡᠲᠦ᠃ | ᠨᠢᠭᠡ᠂ ︽ᠣᠳᠣᠬᠠᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠵᠢᠯ ᠢ ᠦᠨᠡᠨ ᠪᠣᠲᠠᠲᠠᠢ ᠰᠠᠶᠢᠲᠤᠷ | ᠬᠢᠬᠦ ᠲᠤᠬᠠᠢ ᠠᠵᠢᠯ ᠤᠨᠮᠡᠳᠡᠭᠳᠡᠯ︾ ︽ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ︿ᠲᠤᠰ ᠡᠪᠦᠯ ᠳᠠᠷᠠᠭ᠎ᠠ ᠬᠠᠪᠤᠷ ᠤᠨ ᠬᠦᠨᠳᠦ ᠶᠡᠭᠡ ᠠᠳᠡᠯ ᠭᠠᠮᠰᠢᠭ ᠤᠨ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ﹀︾ ᠢ ᠳᠠᠮᠵᠢᠭᠤᠯᠤᠨ ᠰᠤᠷᠤᠯᠴᠠᠵᠤ᠂ | ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ | ᠬᠤᠷᠠᠯ ᠠᠴᠠ ︽ᠣᠳᠣᠬᠠᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠵᠢᠯ ᠢ ᠦᠨᠡᠨ ᠬᠦ ᠰᠠᠶᠢᠲᠤᠷ | ᠬᠢᠬᠦ ᠲᠤᠬᠠᠢ ᠮᠡᠳᠡᠭᠳᠡᠯ︾ ︽ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ︿ᠡᠨᠡ ᠡᠪᠦᠯ ᠢᠷᠡᠬᠦ ᠬᠠᠪᠤᠷ ᠤᠨ ᠬᠦᠨᠳᠦ ᠶᠡᠭᠡ ᠠᠳᠡᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ﹀︾ ᠢ ᠤᠯᠠᠮᠵᠢᠯᠠᠵᠤ᠂ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠲᠣᠪᠴᠢᠶ᠎ᠠ ᠶᠢᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠦᠬᠦ ᠲᠣᠭᠤᠷᠢᠭ ᠳᠠᠶᠠᠭᠠᠷ ᠡᠷᠬᠡᠪᠰᠢ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠰᠠᠶᠢᠲᠤᠷ ᠠᠳᠬᠤᠬᠤ ᠬᠡᠷᠡᠭᠲᠡᠢ᠃ | ᠬᠤᠶᠠᠷ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠠᠢ᠃ | ︵ᠨᠢᠭᠡ︶ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ | ᠢᠳᠡᠪᠬᠢᠲᠡᠢ ᠵᠣᠯᠭᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ︵ᠬᠤᠶᠠᠷ︶ᠵᠠᠷᠴᠢᠮ ᠳᠡᠭᠡᠷ᠎ᠡ ᠪᠠᠨ ᠨᠠᠢᠮᠠᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠰᠣᠩᠭᠤᠨ ᠲᠣᠭᠲᠠᠭᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠬᠤᠷᠠᠯ ᠳᠤ | ᠳᠡᠪᠰᠢᠭᠦᠯᠵᠦ ᠰᠤᠳᠤᠯᠤᠨ ᠬᠢᠨᠠᠨ ᠵᠥᠪᠯᠡᠪᠡ᠃ ᠡᠯ᠎ᠡ ᠬᠠᠷᠢᠭᠤᠴᠠᠯᠭᠠᠲᠤ ᠨᠢᠭᠡᠴᠡ ᠭᠠᠷᠳᠠᠮ ᠢᠶᠠᠨ ᠱᠠᠯᠠᠪᠳᠠᠨ | ᠭᠦᠢᠴᠡᠳᠬᠡᠵᠦ᠂ ᠴᠠᠭ ᠲᠤᠬᠠᠢ ᠳᠤᠨᠢ ᠠᠵᠢᠯ ᠢᠶᠠᠨ ᠡᠬᠢᠯᠡᠭᠦᠯᠵᠦ᠂ ᠬᠤᠭᠤᠴᠠᠭ᠎ᠠ ᠶᠣᠰᠣᠭᠠᠷ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ |