2024 ᠣᠨ ᠤ 12 ᠰᠠᠷ᠎ᠠ ᠶᠢᠨ 5 ᠤ ᠡᠳᠦᠷ᠂ ᠴᠢᠶᠣᠤ ᠸᠧᠨ ᠵᠢᠶᠧ ᠨᠥᠬᠦᠷ 2024 ᠣᠨ ᠤ 25 | ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠪᠴᠢ ᠨᠢ ᠳᠣᠣᠷᠠᠬᠢ ᠮᠡᠲᠦ᠃ | ᠨᠢᠭᠡ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠰᠣᠨᠣᠰᠬᠤ ᠬᠡᠷᠡᠭᠲᠡᠢ | ᠬᠤᠷᠠᠯ ᠠᠴᠠ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠪᠦᠬᠦ ᠲᠣᠭᠤᠷᠢᠭ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ | ᠵᠢᠯ ᠤᠨ ᠡᠴᠦᠰ ᠪᠣᠯᠬᠤ ᠳᠤ ᠠᠵᠢᠯᠴᠢᠨ ᠲᠠᠷᠢᠶᠠᠴᠢᠨ ᠤ ᠨᠤᠲᠤᠭ ᠲᠠᠭᠠᠨ ᠪᠤᠴᠠᠬᠤ ᠤᠷᠤᠰᠬᠠᠯ ᠢ ᠤᠳᠠᠯ ᠦᠭᠡᠢ | ᠤᠭᠲᠤᠬᠤ ᠭᠡᠵᠦ ᠪᠠᠶᠢᠭ᠎ᠠ ᠪᠥᠭᠡᠳ ᠡᠯ᠎ᠡ ᠱᠠᠲᠤᠨ ᠤ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ | ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠤᠨ ᠳᠠᠯᠳᠠ ᠭᠡᠮ ᠲᠣᠪᠣᠶᠢᠮ᠎ᠠ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠪᠣᠲᠠᠲᠠᠢ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ︽ᠤᠳᠠᠭᠠᠬᠤ᠂ ᠬᠥᠯᠢᠶᠡᠬᠦ᠂ ᠲᠦᠰᠢᠬᠦ︾ ᠪᠣᠯᠬᠤ ᠦᠭᠡᠢ᠂ ᠣᠷᠣᠰᠢᠵᠤ ᠪᠠᠶᠢᠭ᠎ᠠ ᠠᠰᠠᠭᠤᠳᠠᠯ ᠢ ᠪᠣᠲᠠᠲᠠᠢ | ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠬᠤᠶᠠᠷ᠂ ᠬᠤᠲᠠ ᠶᠢᠨ ᠵᠠᠰᠠᠭ ᠤᠨ ᠣᠷᠳᠣᠨ ᠤ ᠪᠦᠬᠦ ᠬᠤᠲᠠ ᠶᠢᠨ ᠢᠯᠴᠢ ᠬᠠᠩᠭᠠᠬᠤ ᠶᠢ ᠪᠠᠲᠤᠯᠠᠬᠤ | ᠬᠤᠲᠠ ᠶᠢᠨ ᠳᠠᠷᠤᠭ᠎ᠠ ᠶᠢᠨ ᠠᠯᠠᠪᠠᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠪᠦᠬᠦ ᠲᠣᠭᠤᠷᠢᠭ | ᠤᠨ ᠢᠯᠴᠢ ᠬᠠᠩᠭᠠᠬᠤ ᠠᠵᠢᠯ ᠤᠨ ᠲᠤᠬᠠᠢ ᠮᠡᠳᠡᠭᠳᠡᠯ | ᠬᠤᠷᠠᠯ ᠠᠴᠠ ᠪᠥᠬᠦ ᠬᠤᠲᠠ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠬᠤᠲᠠ ᠶᠢᠨ ᠳᠠᠷᠤᠭ᠎ᠠ ᠶᠢᠨ | ᠠᠯᠪᠠᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠠᠨ ᠤ ᠲᠣᠭᠤᠷᠢᠭ ᠤᠨ ᠢᠯᠴᠢ ᠬᠠᠩᠭᠠᠬᠤ | ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ | ᠳᠤᠯᠠᠭᠠᠯᠠᠭ᠎ᠠ ᠬᠠᠩᠭᠠᠬᠤ ᠠᠵᠢᠯ ᠪᠣᠯ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠂ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠶᠡᠭᠡ ᠲᠠᠯ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠤᠯᠠᠨ | ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ | ᠭᠤᠷᠪᠠ᠂ ᠣᠶᠢᠷ᠎ᠠ ᠶᠢᠨ ᠬᠤᠭᠤᠴᠠᠭᠠᠨ ᠤ ᠵᠡᠭᠡᠯᠢ ᠭᠤᠳᠤᠮᠵᠢ ᠶᠢᠨ ᠦᠵᠡᠮᠵᠢ ᠶᠢᠨ ᠪᠠᠶᠢᠷᠢᠯᠠᠭᠤᠯᠤᠯᠲᠠ ᠵᠢᠴᠢ | ᠭᠡᠷᠡᠯᠲᠦᠭᠦᠯᠭᠡ ᠶᠢᠨ ᠢᠨᠵᠧᠨᠧᠷᠢᠩ ᠤᠨ ᠲᠤᠬᠠᠢ ᠰᠠᠨᠠᠯ ᠢ ᠰᠣᠨᠣᠰᠪᠠ | ᠬᠤᠷᠠᠯ ᠠᠴᠠ ᠾᠦᠢ ᠳ᠋ᠠ ᠺᠣᠮᠫᠠᠨᠢ ᠶᠢᠨ ᠣᠶᠢᠷ᠎ᠠ ᠶᠢᠨ ᠬᠤᠭᠤᠴᠠᠭᠠᠨ ᠤ ᠵᠡᠭᠡᠯᠢ ᠭᠤᠳᠤᠮᠵᠢ ᠶᠢᠨ | ᠦᠵᠡᠮᠵᠢ ᠶᠢᠨ ᠪᠠᠶᠢᠷᠢᠰᠢᠭᠤᠯᠤᠯᠲᠠ ᠵᠢᠴᠢ ᠭᠡᠷᠡᠯᠲᠦᠭᠦᠯᠭᠡ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ︵ᠨᠢᠭᠡ︶ᠬᠤᠷᠠᠯ ᠠᠴᠠ ᠾᠦᠢ ᠳ᠋ᠠ ᠺᠣᠮᠫᠠᠨᠢ ᠠᠴᠠ ᠠᠷᠪᠢᠴᠢ ᠭᠠᠮᠲᠠᠢ ᠥᠨᠳᠥᠷ ᠪᠦᠲᠦᠮᠵᠢᠲᠡᠢ ᠪᠠᠶᠢᠬᠤ | ᠵᠠᠷᠴᠢᠮ ᠢᠶᠠᠷ ᠪᠡᠯᠡ ᠣᠷᠣᠭᠤᠯᠵᠤ ᠵᠡᠭᠡᠯᠢ ᠭᠤᠳᠤᠮᠵᠢ ᠶᠢᠨ ᠦᠵᠡᠮᠵᠢ ᠶᠢ ᠳᠡᠯᠭᠡᠨ ᠦᠵᠡᠭᠦᠯᠬᠦ ᠪᠠ ᠭᠡᠷᠡᠯᠲᠦᠭᠦᠯᠬᠦ | ᠢᠨᠵᠧᠨᠧᠷᠢᠩ ᠢ ᠬᠡᠷᠡᠭᠵᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ ᠶᠢᠨ ᠬᠠᠮᠲᠤ ᠪᠣᠳᠠᠲᠠᠢ ᠬᠡᠷᠡᠭᠴᠡᠭᠡ ᠪᠠᠨ | ᠦᠨᠳᠦᠰᠦᠯᠡᠨ ᠾᠦᠢ ᠳ᠋ᠠ ᠺᠣᠮᠫᠠᠨᠢ ᠪᠣᠯᠣᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ | ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠵᠥᠪᠳᠡᠯᠴᠡᠨ ᠲᠣᠭᠲᠠᠭᠠᠪᠠ᠂ ᠭᠡᠪᠡᠴᠦ ᠶᠡᠷᠦᠩᠬᠡᠢ ᠪᠡᠯᠡ | ᠣᠷᠣᠭᠤᠯᠤᠯᠲᠠ ᠶᠢᠨ ᠲᠤᠭ᠎ᠠ ᠶᠢ 2023 ᠣᠨ ᠠᠴᠠ ᠥᠨᠳᠥᠷ ᠪᠠᠶᠢᠯᠭᠠᠵᠤ ᠪᠣᠯᠬᠤ ᠦᠭᠡᠢ᠃ | ︵ᠬᠤᠶᠠᠷ︶ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠪᠠᠷᠢᠯᠭ᠎ᠠ ᠶᠢᠨ ᠠᠬᠢᠴᠠ ᠪᠠ | ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ | ᠴᠢᠩᠭ᠎ᠠ ᠠᠳᠬᠤᠵᠤ᠂ ᠦᠷ᠎ᠡ ᠪᠦᠲᠦᠮᠵᠢ ᠪᠠ ᠪᠠᠷᠢᠯᠭ᠎ᠠ ᠶᠢᠨ ᠶᠠᠰᠤ ᠴᠢᠨᠠᠷ ᠢ ᠭᠡᠷᠡᠯᠳᠦᠭᠦᠯᠦᠨ᠎ᠡ᠃ |