2024 ᠣᠨ ᠳᠤ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠦᠢᠯᠡᠳᠬᠦᠨ ᠤ ᠶᠡᠷᠦᠩᠬᠡᠢ | ᠥᠷᠲᠡᠭ 103 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ ᠦᠢᠯᠡᠳᠬᠦᠨ ᠤ ᠥᠷᠲᠡᠭ ︵85 | ᠳ᠋ᠦᠩᠰᠢᠭᠤᠷ ᠲᠥᠭᠦᠷᠢᠭ︶ ᠠᠴᠠ 21.2% ᠢᠶᠠᠷ ᠨᠡᠮᠡᠭᠳᠡᠪᠡ᠃ ᠭᠦᠭᠡᠬᠤᠲᠠ ᠶᠢᠨ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠲᠥᠷᠥᠯ ᠵᠦᠢᠯ ᠤᠨ ᠳᠡᠮᠵᠢᠯᠭᠡ ᠶᠢ ᠤᠯᠠᠮ ᠴᠢᠷᠮᠠᠶᠢᠨ ᠣᠯᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠢ | ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ | | ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠨ᠂ ᠡᠪᠡᠰᠦᠨ ᠤ ᠠᠵᠤ ᠦᠢᠯᠡᠰ ᠤᠨ ᠬᠡᠯᠬᠢᠶ᠎ᠡ᠂ ᠬᠢᠲᠠᠳ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠬᠡᠯᠬᠢᠶ᠎ᠡ᠂ ᠥᠪᠡᠷᠮᠢᠴᠡ ᠣᠨᠴᠠᠯᠢᠭᠲᠤ ᠣᠶ ᠵᠢᠮᠢᠰ ᠤᠨ ᠠᠵᠤ ᠦᠢᠯᠡᠰ ᠤᠨ ᠬᠡᠯᠬᠢᠶ᠎ᠡ᠂ ᠨᠠᠶᠢᠯᠵᠠᠭᠤᠷ | ᠬᠠᠷᠭᠠᠨ᠎ᠠ ᠶᠢᠨ ᠠᠵᠤ ᠦᠢᠯᠡᠰ ᠤᠨ ᠬᠡᠯᠬᠢᠶ᠎ᠡ ᠵᠡᠷᠭᠡ ᠳᠥᠷᠪᠡᠨ ᠵᠦᠢᠯ ᠤᠨ ᠭᠤᠣᠯᠯᠠᠬᠤ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠤᠨ᠂ ᠴᠡᠴᠡᠭ ᠡᠪᠡᠰᠦᠨ ᠤ ᠠᠵᠤ ᠦᠢᠯᠡᠰ᠂ ᠣᠶ ᠶᠢᠨ ᠳᠣᠣᠷᠠᠬᠢ ᠲᠡᠵᠢᠭᠡᠨ ᠦᠷᠡᠵᠢᠭᠦᠯᠬᠦ ᠠᠵᠤ | ᠦᠢᠯᠡᠰ᠂ ᠮᠣᠳᠣᠯᠢᠭ ᠠᠮᠤ ᠲᠣᠰᠣ ᠶᠢᠨ ᠠᠵᠤ ᠦᠢᠯᠡᠰ ᠵᠡᠷᠭᠡ ᠭᠤᠷᠪᠠᠨ ᠭᠤᠣᠯᠳᠠᠯᠭ᠎ᠠ ᠲᠠᠢ ᠠᠵᠤ ᠦᠢᠯᠡᠰ ᠢ | ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ᠂ ᠨᠥᠭᠡᠴᠡ ᠣᠶ ᠰᠢᠭᠤᠢ ᠵᠡᠷᠭᠡ ᠬᠤᠶᠠᠷ ᠲᠠᠯᠳᠠ | ᠬᠦᠴᠦᠨ ᠲᠠᠢ ᠠᠵᠤ ᠦᠢᠯᠡᠰ ᠢ ᠬᠠᠶᠢᠨ ᠰᠦᠪᠡᠭᠴᠢᠯᠡᠵᠦ᠂ ᠤᠢ ᠰᠢᠭᠤᠢ ᠪᠠ ᠨᠤᠲᠤᠭ ᠪᠡᠯᠴᠢᠭᠡᠷ ᠤᠨ | ᠵᠢᠭᠤᠯᠴᠢᠯᠠᠯ ᠤᠨ ᠳᠠᠪᠠᠭᠤᠯᠢᠭᠲᠤ ᠠᠵᠤ ᠦᠢᠯᠡᠰ ᠢ ᠴᠣᠭᠴᠠᠯᠠᠪᠠ᠃ 2021 ᠣᠨ ᠠᠴᠠ ᠨᠠᠭᠠᠰᠢ᠂ ᠭᠦᠭᠡᠬᠤᠲᠠ | ᠨᠢᠭᠡᠨᠲᠡ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ᠂ ᠡᠪᠡᠰᠦᠨ ᠦᠷ᠎ᠡ | ᠪᠣᠶᠢᠵᠢᠭᠤᠯᠬᠤ ᠰᠠᠭᠤᠷᠢᠨ ᠵᠡᠷᠭᠡ 16 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 3610 ᠲᠦᠮᠡᠨ | ᠲᠥᠭᠦᠷᠢᠭ ᠤᠨ ᠪᠡᠯᠡ ᠮᠥᠩᠭᠦ ᠪᠠᠭᠤᠯᠭᠠᠪᠠ᠃ 2024 ᠣᠨ ᠠᠴᠠ ᠨᠠᠭᠠᠰᠢ᠂ ᠭᠦᠭᠡᠬᠤᠲᠠ ᠶᠢᠨ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠮᠧᠩ ᠼᠤᠤ᠂ ᠢᠦᠢ ᠬᠠᠩ ᠷᠧᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠢ | ᠭᠤᠣᠯᠳᠠᠯᠭ᠎ᠠ ᠲᠠᠢ ᠪᠣᠶᠢᠵᠢᠭᠤᠯᠵᠤ᠂ ᠴᠢᠴᠠᠷᠭᠠᠨ᠎ᠠ᠂ ᠡᠪᠡᠰᠦᠨ ᠦᠷ᠎ᠡ᠂ ᠬᠤᠨᠴᠢᠷ ᠵᠡᠷᠭᠡ ᠵᠢᠱᠢᠶ᠎ᠡ ᠦᠵᠡᠭᠦᠯᠭᠦ | ᠰᠠᠭᠤᠷᠢᠨ ᠢ ᠪᠠᠶᠢᠭᠤᠯᠤᠨ᠂ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ ᠶᠢᠨ ᠪᠠᠶᠢᠴᠠᠭᠠᠯᠲᠠ ᠶᠢᠨ ᠬᠢᠨᠠᠨ ᠬᠡᠮᠵᠢᠯᠲᠡ | ᠵᠢᠴᠢ ᠲᠣᠭᠠᠴᠢᠯᠠᠭᠰᠠᠨ ᠬᠠᠮᠢᠶᠠᠷᠤᠯᠲᠠ ᠵᠡᠷᠭᠡ 9 ᠭᠦᠭᠡᠬᠤᠲᠠ ᠶᠢᠨ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ | ᠣᠳᠣᠬᠠᠨ ᠳᠤ᠂ ᠪᠦᠭᠦ ᠬᠤᠲᠠ ᠳᠤ ᠨᠡᠶᠢᠲᠡ 306 ᠣᠶ ᠰᠢᠭᠤᠢ ᠪᠠ ᠨᠤᠲᠤᠭ ᠪᠡᠯᠴᠢᠭᠡᠷ ᠤᠨ ᠠᠵᠤ | ᠠᠬᠤᠶᠢᠯᠠᠯ᠂ 6 ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ | ᠠᠬᠤᠶᠢᠯᠠᠯ᠂ 52 ᠬᠤᠷᠰᠢᠶ᠎ᠠ ᠲᠠᠢ᠃ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠰᠠᠭᠤᠷᠢᠨ ᠢ 4 | ᠪᠠᠶᠢᠭᠤᠯᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠨᠠᠷᠠᠲᠤ ᠲᠡᠮᠳᠡᠭᠲᠦ ᠶᠢ 12 | ᠪᠣᠶᠢᠵᠢᠭᠤᠯᠤᠨ᠂ ᠠᠵᠤ ᠠᠬᠤᠢ ᠶᠢᠨ ᠣᠶ ᠶᠢᠨ ᠲᠠᠯᠠᠪᠠᠶ 86.2 ᠲᠦᠮᠡᠨ ᠮᠦ᠂ ᠣᠶ ᠰᠢᠭᠤᠢ ᠵᠢᠮᠢᠰ ᠤᠨ ᠤᠨᠠᠯᠲᠠ | 5800 ᠲᠦᠮᠡᠨ ᠺᠢᠯᠣᠭ᠍ᠷᠠᠮ ᠭᠦᠷᠪᠡ᠃ | |