ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ 2025 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/12
ᠼᠦᠢ ᠵᠧᠨ ᠦ᠋ ᠶᠠᠷᠢᠶ᠎ᠠ ᠲᠠᠯᠪᠢᠪᠠ           ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠬᠤᠤ ᠰᠢᠦᠢ ᠵᠢᠶᠧ︶ 2 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ 2025 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠮᠡᠳᠡᠭᠡ ᠵᠠᠩᠭᠢ ᠪᠠᠶᠢᠴᠠᠭᠠᠨ ᠰᠤᠳᠤᠯᠬᠤ ᠭᠠᠵᠠᠷ ᠤᠨ ᠳᠠᠷᠤᠭ᠎ᠠ ᠼᠤᠤ ᠶᠦᠩ ᠫᠢᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠯᠢ ᠰᠢᠶᠣᠣ ᠳ᠋ᠦᠩ ᠬᠤᠷᠠᠯ ᠢ ᠡᠷᠭᠢᠯᠡᠪᠡ᠃           ᠬᠤᠷᠠᠯ ᠠᠴᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ 2024 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠳ᠋ᠦᠩᠨᠡᠬᠦ ᠶᠢᠨ ᠬᠠᠮᠲᠤ 2025 ᠣᠨ ᠤ ᠠᠵᠢᠯ ᠢ ᠲᠣᠬᠢᠷᠠᠭᠤᠯᠪᠠ᠃ ᠪᠦᠬᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ 2024 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠢᠷᠡᠭᠦᠯᠦᠭᠰᠡᠨ ᠪᠠ ᠬᠡᠷᠡᠭᠯᠡᠭᠰᠡᠨ ᠪᠠᠶᠢᠳᠠᠯ ᠢ ᠳ᠋ᠦᠩᠨᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ᠂ ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠬᠤᠲᠠ ᠶᠢᠨ ᠬᠤᠷᠢᠶ᠎ᠠ ᠵᠡᠷᠭᠡ ᠶᠢᠨ ᠲᠥᠯᠥᠭᠡᠯᠡᠭᠴᠢ ᠠᠵᠢᠯ ᠤᠨ ᠰᠣᠯᠢᠯᠴᠠᠭᠠᠨ ᠤ ᠶᠠᠷᠢᠶ᠎ᠠ ᠲᠠᠯᠪᠢᠪᠠ᠃           ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ  ᠬᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠬᠤᠯᠠ ᠭᠠᠷᠳᠠᠴᠠ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠰᠬᠠᠢ ᠵᠥᠪᠯᠡᠯ᠂ ᠡᠯ᠎ᠡ ᠨᠠᠮ ᠪᠦᠯᠦᠭ ᠪᠦᠯᠬᠦᠮ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠰᠠᠶᠢᠨ ᠣᠷᠣᠯᠠᠨ ᠥᠭᠦᠯᠡᠭᠴᠢ ᠪᠣᠯᠬᠤ ᠬᠡᠷᠡᠭᠲᠡᠢ᠃ ᠶᠠᠰᠤ ᠴᠢᠨᠠᠷ ᠤᠨ ᠤᠬᠠᠮᠰᠠᠷ᠂ ᠰᠤᠷᠤᠯᠴᠠᠬᠤ ᠤᠬᠠᠮᠰᠠᠷ᠂ ᠲᠡᠷᠢᠭᠦᠨ ᠢ ᠲᠡᠮᠡᠴᠡᠬᠦ ᠤᠬᠠᠮᠰᠠᠷ ᠢᠶᠠᠨ ᠪᠠᠲᠤᠵᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠰᠠᠨᠠᠯ ᠵᠥᠪᠯᠡᠯᠭᠡ ᠰᠢᠭᠤᠳ ᠨᠡᠪᠲᠡᠷᠡᠬᠦ︾ ᠶᠢ ᠣᠷᠣᠨ ᠤ ᠲᠥᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠲᠠᠨᠢᠵᠤ ᠣᠶᠢᠯᠠᠭᠠᠬᠤ ︽ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ︾ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号