ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠭᠦ ᠲᠤᠬᠠᠢ | ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠡᠯ᠎ᠡ ᠰᠠᠯᠠᠭ᠎ᠠ ᠮᠥᠴᠢᠷ ᠡᠯ᠎ᠡ ᠠᠶᠢᠮᠠᠭ ᠬᠤᠲᠠ ᠶᠢᠨ ᠬᠢᠨ ᠤ | ᠲᠦᠭᠦᠷᠵᠢᠭᠦᠯᠦᠨ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠭᠦᠭᠡᠬᠤᠲᠠ ᠳᠠᠷᠤᠢ ᠲᠦᠷᠭᠡᠨ ᠪᠠᠶᠢᠷᠢᠯᠠᠭᠤᠯᠤᠨ | ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠬᠤᠲᠠ ᠶᠢ ᠪᠦᠲᠦᠭᠡᠨ | ᠪᠠᠶᠢᠭᠤᠯᠵᠤ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ | ᠰᠠᠨᠠᠯ︾ ︵ᠳᠣᠷᠣᠭᠰᠢ︽ᠬᠡᠷᠡᠭᠵᠢᠭᠦᠯᠬᠦ ᠰᠠᠨᠠᠯ︾ᠭᠡᠵᠦ ᠲᠣᠪᠴᠢᠯᠠᠨ᠎ᠠ︶ ᠢ ᠨᠡᠶᠢᠲᠡᠯᠡᠨ ᠨᠠᠶᠢᠳᠠᠪᠤᠷᠢᠵᠢᠭᠤᠯᠪᠠ᠃ | ︽ᠬᠡᠷᠡᠭᠵᠢᠭᠦᠯᠬᠦ ᠰᠠᠨᠠᠯ︾ ᠨᠢ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠬᠤᠲᠠ ᠶᠢ ᠪᠦᠲᠦᠭᠡᠨ ᠪᠠᠶᠢᠭᠤᠯᠬᠤ︽ᠭᠤᠷᠪᠠ ᠶᠢ ᠳᠠᠭᠢᠨ ᠢᠶᠠᠷ ᠨᠡᠮᠡᠭᠳᠡᠭᠦᠯᠬᠦ︾᠂ ︽ᠭᠤᠷᠪᠠ ᠶᠢ ᠨᠡᠮᠡᠭᠳᠡᠭᠦᠯᠬᠦ︾᠂ | ︽ᠭᠤᠷᠪᠠᠨ ᠨᠢᠭᠡ ᠪᠦᠯᠦᠭ︾ ᠤᠨ ᠶᠡᠷᠦᠩᠬᠡᠢ ᠬᠠᠷᠠᠯᠲᠠ ᠶᠢ ᠳᠤᠷᠠᠳᠪᠠ᠃ ᠲᠤᠬᠠᠶᠢᠯᠠᠪᠠᠯ᠂ 2027 ᠣᠨ ᠪᠤᠯᠬᠤ ᠳᠤ᠂ | ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ᠂ ᠠᠺᠠᠳᠧᠮᠢᠴᠢ | ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠢ 2024 ᠣᠨ ᠤ ᠬᠢ ᠠᠴᠠ ᠬᠤᠶᠠᠷ ᠳᠠᠭᠢᠨ ᠨᠡᠮᠡᠭᠳᠡᠭᠦᠯᠦᠨ᠎ᠡ;ᠤᠯᠤᠰ ᠤᠨ ᠲᠡᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠲᠤᠭ᠎ᠠ ᠶᠢ ᠵᠢᠯ ᠳᠠᠷᠠᠭᠠᠯᠠᠨ | ᠨᠡᠮᠡᠭᠳᠡᠭᠦᠯᠵᠦ 40 ᠶᠢ ᠳᠠᠪᠠᠭᠤᠯᠤᠨ᠂ ᠤᠯᠤᠰ ᠤᠨ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠭᠡᠯᠪᠡᠷᠢ ᠶᠢᠨ ᠠᠵᠤ ᠠᠬᠤᠶᠢᠯᠠᠯ ᠤᠨ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠵᠦ᠂ 1600 ᠠᠴᠠ ᠢᠯᠡᠭᠦᠦ ᠪᠤᠯᠭᠠᠵᠤ᠂ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠶᠢ ᠵᠢᠯ ᠳᠠᠷᠠᠭᠠᠯᠠᠨ ᠨᠡᠮᠡᠭᠳᠡᠭᠦᠯᠵᠦ 27 ᠳ᠋ᠦᠩᠰᠢᠭᠤᠷ | ᠲᠥᠭᠦᠷᠢᠭ ᠲᠤ ᠭᠦᠷᠭᠡᠨ᠎ᠡ; ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠵᠤ᠂ ᠨᠢᠭᠡ ᠪᠦᠯᠦᠭ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠯᠡᠩ ᠲᠣᠭᠤᠷᠢᠭ ᠢ ᠪᠤᠶ ᠪᠤᠯᠭᠠᠵᠤ᠂ ᠨᠢᠭᠡ ᠪᠦᠯᠦᠭ ᠭᠤᠣᠯᠯᠠᠬᠤ ᠥᠷᠢᠰᠦᠯᠳᠦᠬᠦ ᠬᠦᠴᠦᠨ ᠪᠦᠬᠦᠢ ᠰᠢᠨ᠎ᠡ ᠶᠢ | ᠡᠭᠦᠳᠬᠦ ᠭᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠨ᠎ᠠ ᠭᠡᠵᠡᠢ᠃ | ᠡᠭᠦᠨ ᠤ ᠬᠠᠮᠲᠤ᠂︽ᠬᠡᠷᠡᠭᠵᠢᠭᠦᠯᠬᠦ ᠰᠠᠨᠠᠯ︾ ᠨᠢ ᠥᠪᠡᠷᠲᠡᠭᠡᠨ ᠵᠠᠰᠠᠬᠤ ᠣᠷᠣᠨ ᠤ ︽1+7︾ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠴᠢᠭᠯᠡᠯ ᠯᠦᠭᠡ ᠬᠠᠷᠭᠤᠭᠤᠯᠤᠨ ᠰᠢᠨ᠎ᠡ ᠶᠢ ᠡᠭᠦᠳᠬᠦ ᠲᠠᠪᠴᠠᠩ ᠤᠨ︽ᠴᠢᠳᠠᠮᠵᠢ ᠲᠠᠰ ᠢ | ᠳᠡᠭᠡᠭᠰᠢᠯᠡᠭᠦᠯᠭᠦ︾᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ︽ᠬᠡᠮᠵᠢᠶ᠎ᠡ ᠶᠢ ᠨᠡᠮᠡᠭᠳᠡᠭᠦᠯᠦᠨ ᠬᠤᠷᠳᠤᠴᠠ ᠶᠢ | ᠳᠡᠭᠡᠭᠰᠢᠯᠡᠭᠦᠯᠭᠦ︾᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ︽ᠪᠣᠭᠤᠮᠲᠠ ᠰᠢᠪᠲᠤᠯᠬᠤ︾᠂ ᠰᠢᠨ᠎ᠡ ᠶᠢ | ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ︽ᠰᠢᠯᠢᠳᠡᠭ ᠢ ᠨᠢ ᠠᠬᠢᠭᠤᠯᠤᠨ ᠬᠥᠭᠵᠢᠭᠦᠯᠬᠦ︾᠂ ᠦᠷ᠎ᠡ ᠪᠦᠲᠦᠭᠡᠯ ᠢ | ᠣᠨᠳᠣᠣᠰᠢᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠢᠨ᠎ᠡ ᠶᠢ ᠡᠭᠦᠳᠬᠦ | ᠴᠢᠳᠠᠪᠤᠷᠢᠲᠠᠨ ᠤ︽ᠬᠦᠴᠦᠨ ᠢ ᠬᠤᠷᠠᠮᠳᠤᠭᠤᠯᠬᠤ︾᠂ ᠨᠡᠭᠡᠭᠡᠯᠲᠡ ᠬᠢᠵᠦ ᠰᠢᠨ᠎ᠡ ᠶᠢ ᠡᠭᠦᠳᠬᠦ ︽ᠬᠠᠮᠲᠤᠷᠠᠯᠴᠠᠭ᠎ᠠ ᠬᠢᠬᠦ︾᠂ | ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ︽ᠬᠤᠣᠰ ᠴᠢᠭᠯᠡᠯ ᠢᠶᠠᠷ ᠬᠦᠴᠦᠨ ᠨᠡᠮᠡᠷᠢᠯᠡᠬᠦ︾᠂ ᠰᠢᠨ᠎ᠡ ᠶᠢ | ᠡᠭᠦᠳᠦᠨ ᠦᠢᠯᠡᠰ ᠪᠣᠰᠬᠠᠬᠤ ᠠᠮᠢ ᠠᠬᠤᠢ ᠶᠢ︽ᠰᠢᠯᠢᠳᠡᠭᠵᠢᠭᠦᠯᠦᠨ ᠳᠡᠭᠡᠭᠰᠢᠯᠡᠭᠦᠯᠭᠦ︾ ᠵᠡᠷᠭᠡ 9 ᠶᠡᠭᠡ ᠠᠵᠢᠯᠯᠠᠭ᠎ᠠ ᠶᠢ | ᠳᠤᠷᠠᠳᠴᠤ᠂ 26 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠭᠰᠠᠨ ᠪᠠᠶᠢᠨ᠎ᠠ᠃ | |