2 ᠳ᠋ᠤᠭᠠᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠬᠢᠭᠡᠳ ᠲᠦᠩ ᠳ᠋ᠣᠣ ᠵᠡᠭᠡᠯᠢ ᠶᠢᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠮᠲᠤᠷᠠᠨ ᠴᠢᠰᠤᠲᠤ ᠵᠠᠳᠠᠯᠤᠯᠲᠠ ᠬᠢᠬᠦ ᠲᠥᠪ ᠤᠨ ᠫᠠᠶᠢᠰᠠ | ᠰᠡᠬᠦᠬᠦ ᠶᠣᠰᠣᠯᠠᠯ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠶᠢᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠶᠠᠪᠤᠭᠳᠠᠪᠠ᠃ | | ᠶᠣᠰᠣᠯᠠᠯ ᠡᠬᠢᠯᠡᠮᠡᠭᠴᠡ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠮᠲᠤ ᠪᠠᠷ ᠬᠠᠮᠲᠤᠷᠠᠨ ᠴᠢᠰᠤᠲᠤ ᠵᠠᠳᠠᠯᠤᠯᠲᠠ ᠬᠢᠬᠦ ᠲᠥᠪ ᠤᠨ ᠫᠠᠶᠢᠰᠠ ᠶᠢ ᠰᠡᠬᠦᠪᠡ᠃ | ᠤᠯᠠᠭᠠᠨ ᠳᠤᠷᠳᠤᠩ ᠠᠭᠠᠵᠢᠮ ᠢᠶᠠᠷ ᠪᠠᠭᠤᠵᠤ᠂ ᠬᠠᠮᠲᠤᠷᠠᠨ ᠴᠢᠰᠤᠲᠤ ᠵᠠᠳᠠᠯᠤᠯᠲᠠ ᠬᠢᠬᠦ ᠲᠥᠪ ᠵᠢᠩᠬᠢᠨᠢ ᠪᠠᠷ | ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠬᠤ ᠪᠥᠭᠡᠳ ᠰᠠᠭᠤᠭᠠᠯᠢ ᠠᠷᠠᠳ ᠭᠡᠷ ᠤᠨ ᠡᠭᠦᠳᠡᠨ ᠳᠤ ᠪᠠᠨ | ᠴᠢᠰᠤᠲᠤ ᠵᠠᠳᠠᠯᠤᠯᠲᠠ ᠬᠢᠬᠦ ᠴᠢᠨᠠᠷ ᠰᠠᠶᠢᠲᠠᠢ ᠦᠢᠯᠡᠴᠢᠯᠡᠭᠡ ᠭᠥᠷᠳᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ | ᠳᠠᠷᠤᠭᠠᠰᠤ ᠶᠢ ᠶᠡᠭᠡ ᠪᠠᠷ ᠬᠥᠩᠭᠡᠷᠡᠭᠦᠯᠦᠭᠰᠡᠨ ᠪᠠᠶᠢᠨ᠎ᠠ᠃ | | ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠦᠨᠳᠦᠲᠦ ᠵᠣᠴᠢᠳ ᠬᠠᠮᠲᠤ ᠪᠠᠷ ᠴᠢᠰᠤᠲᠤ | ᠵᠠᠳᠠᠯᠤᠯᠲᠠ ᠬᠢᠬᠦ ᠲᠥᠪ ᠢ ᠲᠣᠭᠤᠷᠢᠨ ᠦᠵᠡᠵᠦ ᠣᠶᠢᠯᠠᠭᠠᠪᠠ᠃ ᠲᠥᠪ ᠳᠣᠲᠣᠷ᠎ᠠ᠂ ᠲᠡᠷᠢᠭᠦᠨ ᠤ ᠴᠢᠰᠤᠲᠤ | ᠵᠠᠳᠠᠯᠤᠯᠲᠠ ᠬᠢᠬᠦ ᠲᠥᠬᠦᠭᠡᠷᠦᠮᠵᠢ ᠶᠢ ᠲᠡᠷᠢ ᠲᠡᠭᠰᠢ ᠵᠢᠭᠰᠠᠭᠠᠵᠤ᠂ ᠲᠠᠭᠠᠯᠠᠮᠵᠢᠲᠠᠢ ᠡᠪᠡᠳᠴᠢᠨ ᠦᠵᠡᠭᠦᠯᠬᠦ ᠣᠷᠴᠢᠨ | ᠲᠣᠭᠤᠷᠢᠨ᠂ ᠬᠥᠮᠥᠨᠴᠢᠯᠡᠭᠰᠡᠨ ᠲᠥᠬᠦᠭᠡᠷᠦᠮᠵᠢ ᠶᠢᠨ ᠪᠠᠶᠢᠷᠢᠱᠢᠭᠤᠯᠤᠯ ᠨᠢ ᠡᠪᠡᠳᠴᠢᠲᠡᠨ ᠢᠶᠠᠷ ᠭᠤᠣᠯ ᠪᠣᠯᠭᠠᠬᠤ | ᠦᠢᠯᠡᠴᠢᠯᠡᠭᠡᠨ ᠤ ᠣᠶᠢᠯᠠᠭᠠᠭᠳᠠᠬᠤᠨ ᠢ ᠭᠦᠢᠴᠡᠳ ᠢᠯᠡᠷᠡᠭᠦᠯᠪᠡ᠃ ᠲᠥᠪ ᠤᠨ ᠠᠵᠢᠯᠲᠠᠳ ᠲᠥᠪ ᠤᠨ | ᠮᠡᠷᠭᠡᠵᠢᠯ ᠤᠨ ᠳᠡᠮᠵᠢᠯᠭᠡ ᠪᠠ ᠣᠨᠣᠰᠢᠯᠠᠨ ᠡᠮᠨᠡᠬᠦ ᠲᠥᠬᠦᠭᠡᠷᠦᠮᠵᠢ ᠶᠢ ᠲᠤᠬᠠᠢ ᠶᠢᠨ ᠲᠠᠯᠠᠪᠠᠶ ᠳᠤ ᠳᠡᠯᠭᠡᠨ | ᠦᠵᠡᠭᠦᠯᠦᠭᠰᠡᠨ ᠪᠥᠭᠡᠳ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ ᠬᠢᠭᠡᠳ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠶᠢᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠳᠠᠪᠤᠷᠢᠲᠠᠨ ᠢ ᠬᠥᠮᠥᠵᠢᠭᠦᠯᠬᠦ᠂ | ᠮᠡᠷᠭᠡᠵᠢᠯ ᠤᠨ ᠬᠠᠮᠵᠢᠯᠴᠠᠭ᠎ᠠ ᠵᠡᠷᠭᠡ ᠲᠠᠯ᠎ᠠ ᠪᠠᠷ ᠬᠢ ᠨᠢᠭᠲᠠ ᠬᠠᠮᠲᠤᠷᠠᠯᠴᠠᠬᠤ ᠵᠠᠭᠪᠤᠷ ᠢ ᠨᠠᠷᠢᠨ ᠲᠠᠨᠢᠯᠴᠠᠭᠤᠯᠪᠠ᠃ | ᠲᠣᠰ ᠬᠠᠮᠲᠤᠷᠠᠯᠴᠠᠭ᠎ᠠ ᠨᠢ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ | ᠴᠢᠨᠠᠷ ᠰᠠᠶᠢᠲᠠᠢ ᠡᠬᠢ ᠪᠠᠶᠠᠯᠢᠭ ᠢ ᠨᠠᠩ ᠥᠷᠭᠡᠨ ᠳᠡᠯᠭᠡᠷ ᠨᠥᠯᠥᠭᠡᠯᠡᠨ ᠳᠠᠶᠢᠴᠢᠯᠠᠵᠤ᠂ ᠪᠠᠰᠠ ᠲᠦᠩ ᠳ᠋ᠣᠣ | ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠮᠡᠷᠭᠡᠵᠢᠯ ᠤᠨ | ᠳᠡᠩᠰᠢᠯᠡᠭᠦᠯᠦᠯᠲᠡ᠂ ᠴᠢᠳᠠᠪᠤᠷᠢᠲᠠᠨ ᠢ ᠬᠥᠮᠥᠵᠢᠭᠦᠯᠬᠦ᠂ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ | ᠴᠢᠨᠠᠷ ᠤᠨ ᠦᠰᠦᠷᠦᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠱᠠᠲᠤ ᠬᠤᠪᠢᠶᠠᠨ ᠣᠨᠣᠰᠢᠯᠠᠨ ᠡᠮᠨᠡᠬᠦ | ᠳᠦᠷᠢᠮ ᠤᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠩ ᠪᠦᠷᠢᠨ ᠲᠡᠭᠦᠯᠳᠡᠷ᠂ ᠥᠨᠳᠥᠷ | ᠪᠦᠲᠦᠮᠵᠢᠲᠡᠶ ᠲᠣᠭᠤᠷᠢᠭ ᠤᠨ ᠡᠮᠴᠢᠯᠡᠭᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠣᠯᠠᠨ ᠲᠦᠮᠡᠨ ᠳᠤ ᠨᠡᠩ ᠢᠯᠡᠭᠦᠦ ᠠᠰᠢᠭ ᠬᠦᠷᠲᠡᠭᠡᠬᠦ ᠪᠣᠯᠣᠨ᠎ᠠ᠃ | ᠢᠷᠡᠭᠡᠳᠦᠢ ᠳᠤ᠂ ᠬᠤᠲᠣᠩ ᠠᠷᠠᠳ ᠤᠨ ᠲᠣᠭᠤᠷᠢᠭ ᠦᠷᠭᠦᠯᠵᠢᠯᠡᠨ ᠨᠡᠶᠢᠭᠡᠮ ᠤᠨ ᠡᠯ᠎ᠡ ᠲᠠᠯ᠎ᠠ ᠶᠢᠨ | ᠳᠠᠪᠠᠭᠤᠯᠢᠭ ᠲᠤ ᠲᠦᠰᠢᠭᠯᠡᠨ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠷᠡᠭᠦᠯ ᠡᠩᠬᠡ ᠬᠤᠲᠣᠩ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠵᠦ᠂ ᠥᠷᠭᠡᠨ ᠣᠯᠠᠨ ᠰᠠᠭᠤᠭᠠᠯᠢ ᠠᠷᠠᠳ ᠤᠨ ᠡᠷᠡᠭᠦᠯ ᠡᠩᠬᠡ ᠠᠮᠢᠳᠤᠷᠠᠯ ᠢ ᠪᠠᠲᠤᠯᠠᠬᠤ ᠪᠣᠯᠣᠨ᠎ᠠ᠃ | |