︵ᠰᠤᠷᠪᠤᠯᠵᠢᠯᠠᠭᠴᠢ ᠴᠢ ᠰᠢᠶᠣᠣ ᠶᠠᠨ︶ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ ᠬᠥᠬᠡᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠣᠶ᠃ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠠᠵᠤ ᠠᠬᠤᠶᠢᠯᠠᠯ ᠳᠤ ᠣᠷᠣᠭᠤᠯᠬᠤ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠷᠢᠳᠴᠢᠯᠠᠨ ᠲᠥᠯᠥᠪᠯᠡᠬᠦ᠂ ᠣᠷᠣᠨ | ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠪᠦᠬᠦ ᠲᠠᠯ᠎ᠠ ᠪᠠᠷ ᠦᠢᠯᠡᠴᠢᠯᠡᠬᠦ ᠣᠶᠢᠯᠠᠭᠠᠭᠳᠠᠬᠤᠨ ᠢ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠢ ᠨᠠᠷᠢᠨ ᠣᠨᠣᠪᠴᠢᠲᠠᠢ ᠬᠠᠪᠰᠤᠷᠤᠨ ᠪᠣᠳᠠᠲᠠᠢ | ᠬᠦᠴᠢᠷᠳᠡᠯ ᠢ ᠨᠢ ᠰᠢᠢᠳᠪᠦᠷᠢᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ | ᠡᠪᠡᠷᠰᠢᠶᠡᠯ ᠢ ᠰᠢᠭᠤᠳ ᠰᠢᠢᠳᠪᠦᠷᠢᠯᠡᠬᠦ ᠬᠡᠷᠡᠭᠲᠡᠢ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠨᠢᠭᠡᠳᠦᠭᠡᠷ | ᠹᠷᠣᠨᠲ ᠲᠤ ᠭᠦᠨᠵᠡᠭᠡᠶᠢᠷᠡᠨ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠦᠰᠦᠨ | ᠪᠣᠶᠢᠵᠢᠬᠤ ᠶᠠᠪᠤᠴᠠ ᠳᠠᠬᠢ ᠬᠦᠴᠢᠷᠳᠡᠯ᠂ ᠡᠪᠡᠷᠰᠢᠶᠡᠯ ᠢ ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠵᠤ᠂ ︽ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠭᠠᠵᠢ ᠬᠡᠷᠡᠭᠰᠡᠯ ᠤᠨ ᠬᠠᠶᠢᠷᠴᠠᠭ︾ ᠢ ᠦᠷᠭᠦᠯᠵᠢᠯᠡᠨ ᠰᠠᠶᠢᠲᠤᠷ | ᠬᠡᠷᠡᠭᠯᠡᠵᠦ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠶᠠᠰᠤ ᠴᠢᠨᠠᠷ ᠤᠨ ᠬᠠᠮᠢᠶᠠᠷᠤᠨ ᠡᠵᠡᠮᠳᠡᠬᠦ᠂ ᠪᠠᠷᠢᠮᠵᠢᠶ᠎ᠠ | ᠲᠣᠭᠲᠠᠭᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠯᠲᠠ ᠪᠠ ᠬᠡᠷᠡᠭᠯᠡᠯᠲᠡ ᠵᠡᠷᠭᠡ | ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠤᠨ ᠪᠠᠶᠢᠳᠠᠯ ᠳᠤᠨᠢ | ᠲᠣᠬᠢᠷᠠᠭᠤᠯᠤᠨ ᠰᠢᠢᠳᠪᠦᠷᠢᠯᠡᠬᠦ ᠲᠥᠰᠥᠯ ᠲᠣᠭᠲᠠᠭᠠᠵᠤ᠂ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ | ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ᠠᠵᠢᠯ ᠳᠤ ᠲᠤᠯᠭᠠᠭᠤᠷᠢᠯᠠᠯ ᠬᠠᠩᠭᠠᠵᠤ᠂ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ |