ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ - 32 ᠠᠯᠲᠠᠨ ᠮᠧᠳᠠᠯ
ᠨᠡᠶᠢᠲᠡᠯᠡᠭᠰᠡᠨ ᠴᠠᠭ᠄
2025/2/17
   ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠤᠷᠤᠯᠴᠠᠬᠰᠠᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ 13 ᠤ ᠡᠳᠦᠷ ᠪᠤᠯᠲᠠᠯ᠎ᠠ ᠨᠢᠭᠡᠨᠲᠡ 32 ᠠᠯᠲᠠᠨ ᠮᠧᠳᠠᠯ ᠰᠢᠭᠦᠷᠴᠦ᠂ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡ  ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃    ᠡᠨᠡ ᠬᠦ ᠬᠢᠷᠢ ᠪᠦᠲᠦᠮᠵᠢ ᠨᠢ ᠲᠠᠮᠢᠷᠴᠢᠨ ᠨᠢᠭᠡᠪᠦᠷᠢ ᠶᠢᠨ ᠬᠦᠴᠦ ᠬᠥᠯᠥᠰᠦ ᠪᠠ ᠲᠡᠮᠡᠴᠡᠯ ᠲᠡᠮᠡᠦᠯᠦᠯ ᠢᠶᠠᠷ ᠳᠠᠮᠵᠢᠨ ᠢᠷᠡᠭᠰᠡᠨ ᠶᠤᠮ᠃ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠶᠠᠭ ᠨᠠᠩ ᠢᠲᠡᠭᠡᠯ ᠲᠡᠭᠦᠯᠳᠡᠷ ᠳᠦᠷᠢ ᠪᠠᠶᠢᠳᠠᠯ ᠢᠶᠠᠷ ᠳᠡᠯᠡᠬᠡᠢ ᠶᠢᠨ ᠲᠠᠪᠴᠠᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠃    ᠬᠦᠰᠡᠯ ᠢᠶᠠᠨ ᠲᠡᠷᠭᠡᠯᠰᠢᠭᠦᠯᠬᠦ ᠠᠶᠠᠨ ᠳᠤ ᠬᠥᠯᠥᠰᠦ ᠪᠠᠨ ᠤᠷᠤᠰᠬᠠᠭᠰᠠᠳ ᠪᠤᠢ᠂ ᠨᠢᠯᠪᠤᠰᠤ ᠪᠠᠨ ᠠᠰᠬᠠᠷᠠᠭᠤᠯᠤᠬᠰᠠᠳ ᠴᠤ ᠪᠤᠢ᠃ ᠬᠦᠰᠡᠯ ᠵᠦᠭ ᠢᠶᠠᠨ ᠲᠡᠮᠡᠦᠯᠦᠭᠡ ᠲᠠᠮᠢᠷᠴᠢᠨ ᠨᠢᠭᠡᠪᠦᠷᠢ ᠬᠦᠨᠳᠦᠳᠬᠡᠭᠦᠰᠢᠲᠡᠢ︕    ︵ᠢᠷᠡᠯᠲᠡ᠄  ᠰᠢᠨᠬᠤᠸᠠ ᠬᠤᠷᠢᠶ᠎ᠠ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号