ᠮᠠᠨ ᠤ ᠲᠣᠭᠤᠷᠢᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠠᠵᠢᠯ ᠢ ᠠᠬᠢᠭᠤᠯᠬᠤ ᠬᠤᠷᠠᠯ ᠥᠷᠨᠢᠭᠦᠯᠪᠡ᠃ | | ᠬᠤᠷᠠᠯ ᠳᠡᠭᠡᠷ᠎ᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠬᠠᠮᠢᠶ᠎ᠠ ᠪᠦᠬᠦᠢ ᠨᠢᠭᠡᠴᠡ ᠶᠢ | ︽ᠬᠥᠬᠡᠬᠤᠲᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ︵2024 ᠣᠨ ᠤ ᠬᠡᠪᠯᠡᠯ︶︾ | ᠂ ︽ᠬᠥᠬᠡᠬᠤᠲᠠ ᠶᠢᠨ 2024 ᠣᠨ ᠤ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯ ᠤᠨ | ᠲᠥᠰᠥᠯ︾ ᠲᠠᠢ ᠬᠠᠷᠭᠤᠭᠤᠯᠵᠤ᠂ ᠲᠣᠰ ᠰᠠᠯᠠᠭ᠎ᠠ ᠮᠥᠴᠢᠷ ᠤᠨ ᠢᠶᠠᠨ ᠴᠤᠭᠯᠠᠭᠤᠯᠪᠠᠰᠤ ᠵᠣᠬᠢᠬᠤ ᠢᠲᠡᠭᠡᠮᠵᠢ ᠶᠢᠨ | ᠮᠡᠳᠡᠭᠡ ᠵᠠᠩᠭᠢ ︵ᠰᠠᠭᠤᠷᠢ ᠮᠡᠳᠡᠭᠡ ᠵᠠᠩᠭᠢ᠂ ᠢᠲᠡᠭᠡᠮᠵᠢ ᠶᠢ ᠨᠡᠮᠡᠭᠳᠡᠭᠦᠯᠬᠦ ᠮᠡᠳᠡᠭᠡ ᠵᠠᠩᠭᠢ᠂ ᠡᠩ ᠤᠨ ᠢᠲᠡᠭᠡᠯ | ᠠᠯᠳᠠᠭᠰᠠᠨ ᠮᠡᠳᠡᠭᠡ ᠵᠠᠩᠭᠢ᠂ ᠬᠦᠨᠳᠦ ᠨᠣᠴᠢᠲᠠᠢ ᠢᠲᠡᠭᠡᠯ ᠠᠯᠳᠠᠭᠰᠠᠨ ᠮᠡᠳᠡᠭᠡ ᠵᠠᠩᠭᠢ᠂ ᠲᠦᠭᠰᠢᠭᠦᠷᠢ ᠶᠢᠨ | ᠰᠠᠨᠠᠭᠤᠯᠤᠮᠵᠢ ᠶᠢᠨ ᠮᠡᠳᠡᠭᠡ ᠵᠠᠩᠭᠢ᠂ ᠵᠢᠴᠢ ᠪᠤᠰᠤᠳ ᠮᠡᠳᠡᠭᠡ ᠵᠠᠩᠭᠢ ᠵᠡᠷᠭᠡ ᠶᠢ ᠪᠠᠭᠲᠠᠭᠠᠨ᠎ᠠ︶ ᠶᠢ ᠪᠥᠬᠦ ᠲᠠᠯ᠎ᠠ ᠪᠠᠷ | ᠡᠮᠬᠢᠯᠡᠬᠦ ᠶᠢᠨ ᠬᠠᠮᠲᠤ᠂ ᠬᠥᠬᠡᠬᠤᠲᠠ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ | ᠵᠣᠬᠢᠴᠠᠩᠭᠤᠢ ᠦᠵᠦᠭᠦᠷ ᠲᠤ ᠴᠠᠭ ᠲᠤᠬᠠᠢ ᠳᠤᠨᠢ ᠴᠤᠭᠯᠠᠭᠤᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠪᠦᠷᠢᠨ | ᠪᠦᠲᠦᠨ ᠴᠢᠨᠠᠷ᠂ ᠣᠨᠣᠪᠴᠢᠲᠤ ᠴᠢᠨᠠᠷ᠂ ᠴᠠᠭ ᠲᠤᠬᠠᠶᠢᠴᠢ ᠴᠢᠨᠠᠷ ᠢ ᠦᠨᠡᠨᠬᠦ ᠪᠠᠲᠤᠯᠠᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ | ᠡᠭᠦᠨ ᠤ ᠬᠠᠮᠲᠤ᠂ ︽ᠠᠷᠪᠠ ᠶᠢ ᠢᠯᠡ ᠨᠡᠶᠢᠲᠡᠯᠡᠬᠦ︾ ᠮᠡᠳᠡᠭᠡ ᠵᠠᠩᠭᠢ ᠶᠢ ᠴᠤᠭᠯᠠᠭᠤᠯᠤᠨ ᠮᠡᠳᠡᠭᠦᠯᠦᠨ ᠬᠦᠷᠭᠡᠬᠦ | ᠠᠵᠢᠯ ᠢ ᠳᠠᠬᠢᠨ ᠪᠠᠶᠢᠷᠢᠯᠠᠭᠤᠯᠵᠤ᠂ ᠬᠠᠮᠢᠶ᠎ᠠ ᠪᠦᠬᠦᠢ ᠨᠢᠭᠡᠴᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠤᠳᠠᠭᠠᠰᠢᠷᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠪᠠᠶᠢᠳᠠᠯ ᠢᠯᠡᠷᠡᠬᠦ ᠠᠴᠠ ᠵᠠᠶᠢᠯᠠᠰᠬᠢᠵᠦ᠂ ᠮᠠᠨ ᠤ ᠲᠣᠭᠤᠷᠢᠭ ᠤᠨ | ᠢᠲᠡᠭᠡᠮᠵᠢ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ |