ᠽᠦᠨ ᠢ ᠶᠢᠨ ᠬᠤᠷᠠᠯ ᠨᠢ ᠨᠠᠮ ᠤᠨ ᠲᠡᠦᠬᠡᠨ ᠳᠡᠭᠡᠷᠡᠬᠢ ︽ᠦᠬᠦᠵᠦ ᠰᠡᠬᠡᠬᠦ ᠶᠢᠨ ᠡᠷᠭᠢᠯᠲᠡ ᠶᠢᠨ ᠴᠡᠭ︾ | ᠮᠥᠨ᠃ ᠽᠦᠨ ᠢ ᠶᠢᠨ ᠬᠤᠷᠠᠯ ᠬᠤᠷᠠᠯᠳᠤᠭᠰᠠᠨ 90 ᠵᠢᠯ ᠤᠨ ᠣᠢ ᠶᠢ ᠳᠤᠷᠠᠰᠭᠠᠬᠤ ᠲᠠᠰᠢᠷᠠᠮ ᠢᠶᠠᠷ᠂ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠥᠯᠥᠭᠡ᠂ ᠬᠤᠲᠣᠩ ᠠᠷᠠᠳ ᠤᠨ | ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ︽ᠲᠡᠦᠬᠡ ᠶᠢ ᠪᠠᠲᠤ | ᠴᠡᠭᠡᠵᠢᠯᠡᠵᠦ᠂ ᠥᠨᠢ ᠡᠭᠦᠷᠢᠳᠡ ᠵᠠᠯᠭᠠᠮᠵᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ | ᠥᠷᠨᠢᠭᠦᠯᠦᠭᠰᠡᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠳᠤ ᠨᠠᠮ ᠤᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠹᠢᠯᠢᠮ ︽ᠽᠦᠨ ᠢ ᠶᠢᠨ ᠬᠤᠷᠠᠯ︾ ᠢ ᠦᠵᠡᠭᠦᠯᠵᠦ᠂ ᠺᠢᠨᠣ᠋ ᠦᠵᠡᠬᠦ ᠪᠠᠷ ᠳᠠᠮᠵᠢᠭᠤᠯᠤᠨ᠂ | ᠨᠠᠮ ᠤᠨ ᠺᠠᠳ᠋ᠷᠴᠤᠳ᠂ ᠽᠦᠨ ᠢ ᠶᠢᠨ ᠬᠤᠷᠠᠯ ᠤᠨ ᠢᠯᠡ ᠲᠣᠳᠣ ᠣᠨᠴᠠᠯᠢᠭ ᠪᠣᠯ ᠦᠨᠡᠨ ᠶᠣᠰᠣ ᠶᠢ ᠪᠠᠷᠢᠮᠲᠠᠯᠠᠵᠤ᠂ | ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠨᠠᠮ ᠤᠨ ᠲᠥᠪ ᠬᠤᠷᠢᠶᠠᠨ ᠤ ᠵᠥᠪ ᠤᠳᠤᠷᠢᠳᠤᠯᠭ᠎ᠠ ᠶᠢ ᠲᠣᠭᠲᠠᠭᠠᠵᠤ᠂ | ᠳᠤᠮᠳᠠᠳᠤ ᠤᠯᠤᠰ ᠤᠨ ᠬᠤᠪᠢᠰᠬᠠᠯ ᠤᠨ ᠣᠨᠴᠠᠯᠢᠭ ᠲᠤ ᠨᠡᠶᠢᠴᠡᠭᠰᠡᠨ ᠪᠠᠶᠢᠯᠳᠤᠬᠤ ᠪᠣᠳᠣᠯᠭ᠎ᠠ ᠶᠢᠨ ᠠᠷᠭ᠎ᠠ | ᠪᠣᠳᠣᠯᠭ᠎ᠠ ᠶᠢ ᠪᠦᠲᠦᠭᠡᠯᠴᠢ ᠴᠢᠨᠠᠷᠲᠠᠢ ᠪᠠᠷ ᠲᠣᠭᠲᠠᠭᠠᠨ ᠬᠡᠷᠡᠭᠵᠢᠭᠦᠯᠦᠭᠰᠡᠨ ᠢ ᠤᠯᠠᠮ ᠨᠢᠭᠡ ᠠᠯᠬᠤᠮ | ᠣᠶᠢᠯᠠᠭᠠᠭᠰᠠᠨ ᠪᠠᠶᠢᠨ᠎ᠠ᠃ | | ᠶᠡᠷᠦᠩᠬᠡᠢ ᠱᠦᠵᠢ ᠰᠢ ᠶᠢᠨ ᠫᠢᠩ ᠽᠦᠨ ᠢ ᠶᠢᠨ ᠬᠤᠷᠠᠯ ᠤᠨ ᠵᠣᠷᠢᠭ ᠰᠠᠨᠠᠭᠠᠨ ᠤ ᠲᠡᠦᠬᠡᠨ ᠦᠢᠯᠡᠳᠦᠯ | ᠪᠣᠯᠣᠨ ᠴᠠᠭ ᠦᠶ᠎ᠡ ᠶᠢᠨ ᠦᠨ᠎ᠡ ᠦᠷᠳᠡᠭ ᠢ ᠤᠯᠠᠨ ᠤᠳᠠᠭ᠎ᠠ ᠴᠢᠬᠤᠯᠠᠴᠢᠯᠠᠵᠤ᠂ ᠪᠢᠳᠡᠨ ᠢ ︽ᠤᠷᠳᠤ ᠵᠠᠮ ᠤᠨ | ᠠᠶᠠᠨ ᠲᠠᠶᠢᠨ ᠤ ᠵᠣᠷᠢᠭ ᠰᠠᠨᠠᠭ᠎ᠠ ᠪᠣᠯᠣᠨ ᠽᠦᠨ ᠢ ᠶᠢᠨ ᠬᠤᠷᠠᠯ ᠤᠨ ᠵᠣᠷᠢᠭ ᠰᠠᠨᠠᠭ᠎ᠠ ᠠᠴᠠ ᠡᠪ | ᠬᠠᠮᠲᠤᠴᠤᠳ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠬᠤ︾ ︽ᠽᠦᠨ ᠢ ᠶᠢᠨ | ᠬᠤᠷᠠᠯ ᠤᠨ ᠲᠡᠦᠬᠡᠨ ᠲᠤᠷᠰᠢᠯᠭ᠎ᠠ ᠶᠢ ᠰᠠᠶᠢᠲᠤᠷ ᠬᠡᠷᠡᠭᠯᠡᠵᠦ᠂ ᠽᠦᠨ ᠢ ᠶᠢᠨ ᠬᠤᠷᠠᠯ ᠤᠨ ᠵᠣᠷᠢᠭ ᠰᠠᠨᠠᠭ᠎ᠠ ᠶᠢ | ᠡᠭᠦᠷᠢᠳᠡ ᠭᠡᠷᠡᠯ ᠭᠢᠯᠪᠠᠭ᠎ᠠ ᠪᠠᠨ ᠰᠠᠴᠤᠷᠠᠭᠤᠯᠬᠤ︾ ᠬᠡᠷᠡᠭᠲᠡᠢ ᠭᠡᠵᠦ ᠱᠠᠭᠠᠷᠳᠠᠪᠠ᠃ | ᠡᠨᠡ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠢᠶᠠᠷ ᠳᠠᠮᠵᠢᠨ᠂ ᠨᠠᠮ ᠤᠨ ᠭᠡᠰᠢᠭᠦᠳ ᠨᠠᠮ ᠤᠨ | ᠲᠡᠮᠡᠴᠡᠯ ᠤᠨ ᠲᠡᠦᠬᠡ ᠶᠢ ᠭᠦᠨᠵᠡᠭᠡᠢ ᠰᠤᠷᠤᠯᠴᠠᠬᠤ ᠨᠢ ᠪᠢᠳᠡᠨ ᠤ ᠲᠡᠦᠬᠡ ᠶᠢ ᠡᠷᠭᠢᠴᠡᠭᠦᠯᠬᠦ᠂ ᠰᠡᠩᠬᠡᠷᠡᠭᠦᠯᠦᠯ ᠣᠯᠬᠤ᠂ | ᠣᠳᠣᠬᠢ ᠪᠠᠶᠢᠳᠠᠯ ᠢ ᠲᠠᠨᠢᠬᠤ ᠳᠤ ᠲᠤᠶᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ ᠭᠡᠵᠦ | ᠢᠯᠡᠳᠬᠡᠵᠡᠭᠡᠪᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ | ᠳᠠᠭᠠᠵᠤ᠂ ᠰᠢᠨ᠎ᠡ ᠤᠷᠳᠤ ᠵᠠᠮ ᠤᠨ ᠠᠶᠠᠨ ᠲᠠᠶᠢᠨ ᠤ ᠵᠠᠮ ᠳᠡᠭᠡᠷ᠎ᠡ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ |