ᠲᠦᠷᠦᠭᠦᠬᠡᠨ᠂ ᠲᠠᠯ᠎ᠠ ᠨᠤᠲᠤᠭ ᠤᠨ ᠰᠢᠯᠢᠳᠡᠭ ᠬᠥᠪᠡᠭᠦᠨ ᠤᠯᠠᠨ ᠤᠯᠤᠰ ᠤᠨ ᠰᠢᠲᠠᠷ᠎ᠠ ᠶᠢᠨ | ᠤᠷᠤᠯᠳᠤᠭᠠᠨ ᠳᠤ ᠭᠠᠶᠢᠬᠠᠮᠰᠢᠭ ᠡᠭᠦᠳᠦᠭᠰᠡᠨ ᠴᠢᠮᠡᠭᠡ ᠳᠤᠭᠤᠯᠳᠠᠵᠤ᠂ ᠤᠯᠠᠨ ᠤ ᠠᠩᠬᠠᠷᠤᠯ ᠢ ᠶᠡᠬᠡᠳᠡ ᠲᠠᠲᠠᠭᠰᠠᠨ | ᠪᠠᠶᠢᠯ᠎ᠠ᠃ 1 ᠰᠠᠷ᠎ᠠ ᠶᠢᠨ 27 ᠤ ᠡᠳᠦᠷ᠂ ᠲᠠᠢ ᠤᠯᠤᠰ ᠤᠨ ᠪᠠᠩᠺᠤᠺ ᠲᠤ ᠶᠠᠪᠤᠭᠳᠠᠭᠰᠠᠨ ︽ᠰᠢᠨ᠎ᠡ ᠣᠨ ᠢᠶᠠᠨ | ᠤᠭᠲᠤᠬᠤ ᠤᠯᠠᠨ ᠤᠯᠤᠰ ᠤᠨ ᠰᠢᠲᠠᠷ᠎ᠠ ᠶᠢᠨ ᠤᠷᠢᠯᠭ᠎ᠠ ᠶᠢᠨ ᠤᠷᠤᠯᠳᠤᠭᠠᠨ︾ ᠳᠤ ᠰᠢᠲᠠᠷᠠᠴᠢᠨ ᠪᠦᠢᠷ ᠬᠦᠷᠡᠯ | ᠮᠧᠲᠠᠯ ᠭᠥᠷᠳᠡᠭᠰᠡᠨ ᠪᠥᠭᠡᠳ 2061 ᠬᠤᠪᠢ ᠪᠠᠷ ᠵᠧᠦ ᠸᠧᠢ ᠹᠠᠨ ᠤ ᠳᠠᠷᠠᠭᠠᠬᠢ ᠳᠡᠰ ᠵᠡᠷᠭᠡ ᠶᠢᠨ ᠬᠤᠪᠢ ᠦᠭᠡᠢ | ᠪᠠᠷ ᠰᠢᠭᠤᠳ 2000 + ᠬᠤᠪᠢ ᠳᠤ ᠲᠠᠰ ᠵᠡᠷᠭᠡ ᠶᠢ ᠨᠢ ᠲᠣᠭᠲᠠᠭᠠᠭᠰᠠᠨ ᠳᠤᠮᠳᠠᠳᠤ ᠤᠯᠤᠰ ᠤᠨ ᠬᠤᠶᠠᠳᠠᠭᠴᠢ | ᠰᠢᠲᠠᠷᠠᠴᠢᠨ ᠪᠣᠯᠤᠭᠰᠠᠨ ᠪᠠᠶᠢᠨ᠎ᠠ᠃ 2 ᠰᠠᠷ᠎ᠠ ᠶᠢᠨ 4 ᠤ ᠡᠳᠦᠷ᠂ ᠪᠦᠢᠷ ᠤᠨ ᠲᠦᠷᠦᠭᠰᠡᠨ ᠨᠤᠲᠤᠭ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠢ ᠰᠤᠮᠤᠨ ᠤ ᠴᠠᠭᠠᠨᠨᠠᠭᠤᠷ ᠭᠠᠴᠠᠭ᠎ᠠ ᠶᠢᠨ ᠬᠢᠨ ᠲᠠᠯ᠎ᠠ | ᠨᠤᠲᠤᠭ ᠤᠨ ᠣᠮᠣᠭᠲᠤ ᠬᠥᠪᠡᠭᠦᠨ ᠢᠶᠠᠨ ᠤᠭᠲᠤᠵᠤ ᠠᠪᠤᠪᠠ᠃ | | ᠤᠭᠲᠤᠬᠤ ᠶᠣᠰᠣᠯᠠᠯ | ᠪᠦᠢᠷ ᠬᠠᠷᠠᠬᠠᠨ ᠪᠠᠭ᠎ᠠ ᠠᠴᠠ ᠪᠠᠨ ᠰᠡᠴᠡᠨ ᠰᠡᠷᠭᠦᠯᠡᠩ᠂ ᠰᠢᠲᠠᠷ᠎ᠠ ᠶᠢᠨ ᠠᠪᠢᠶᠠᠰ ᠪᠢᠯᠢᠭ ᠲᠠᠢ᠂ ᠤᠯᠤᠰ ᠣᠷᠣᠨ | ᠠᠶᠢᠮᠠᠭ ᠤᠨ ᠤᠷᠤᠯᠳᠤᠭᠠᠨ ᠳᠤ ᠣᠯᠠᠨᠲᠠ ᠲᠡᠷᠢᠭᠦᠯᠡᠵᠦ ᠪᠠᠶᠢᠭᠰᠠᠨ ᠶᠤᠮ᠃ ᠣᠳᠣᠬᠠᠨ ᠳᠤ ᠣᠷᠣᠰ ᠲᠤ | ᠰᠤᠷᠤᠯᠴᠠᠵᠤ ᠪᠠᠶᠢᠭ᠎ᠠ ᠲᠡᠷᠡ ᠪᠠᠷ ᠡᠨᠡ ᠤᠳᠠᠭᠠᠨ ᠤ ᠤᠯᠠᠨ ᠤᠯᠤᠰ ᠤᠨ ᠤᠷᠤᠯᠳᠤᠭᠠᠨ ᠳᠤ ᠣᠷᠣᠯᠴᠠᠭᠠᠳ ᠤᠯᠠᠨ | ᠭᠠᠷᠮᠠᠭᠠᠢ ᠰᠢᠲᠠᠷᠠᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠲᠡᠷᠡ ᠰᠣᠷᠪᠤᠯᠵᠢᠯᠠᠭ᠎ᠠ ᠬᠦᠯᠢᠶᠡᠬᠦ ᠳᠡᠭᠡᠨ᠄ | ︽ᠨᠤᠲᠤᠭ ᠤᠨ ᠬᠥᠮᠥᠰ ᠨᠠᠮᠠᠶᠢ ᠪᠠᠶᠠᠷᠯᠠᠨ ᠤᠭᠲᠤᠵᠤ ᠠᠪᠤᠭᠠᠳ ᠵᠣᠷᠢᠭᠵᠢᠭᠤᠯᠵᠤ ᠪᠠᠶᠢᠬᠤ ᠳᠤ ᠪᠢ ᠳᠤᠩ ᠰᠡᠳᠬᠢᠯ | ᠳᠣᠭᠳᠣᠯᠵᠤ ᠪᠠᠶᠢᠨ᠎ᠠ᠂ ᠰᠡᠭᠦᠯᠡᠷ ᠬᠠᠮᠢᠭ᠎ᠠ ᠶᠠᠪᠤᠭᠰᠠᠨ ᠴᠤ ᠨᠤᠲᠤᠭ ᠣᠷᠣᠨ ᠢᠶᠠᠨ ᠪᠤᠳᠤᠵᠤ ᠤᠯᠤᠰ ᠣᠷᠣᠨ ᠳᠠᠭᠠᠨ | ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠵᠦ ᠪᠠᠶᠠᠷᠲᠠᠶᠢᠬᠠᠨ ᠶᠠᠷᠢᠨ᠎ᠠ᠃ | | | ᠪᠤᠶᠢᠷ | ᠤᠭᠲᠤᠬᠤ ᠶᠣᠰᠣᠯᠠᠯ ᠤᠨ ᠠᠬᠤᠢ ᠳᠠᠯᠠᠪᠠᠢ ᠳᠤ ᠭᠦᠷ ᠨᠠᠷᠭᠢᠶᠠᠨᠲᠤ ᠠᠭᠤᠷ ᠠᠮᠢᠰᠬᠤᠯ ᠪᠢᠯᠬᠠᠮ᠎ᠠ ᠪᠠᠶᠢᠵᠤ᠂ | ᠪᠦᠢᠷ ᠤᠨ ᠳᠦᠷᠦᠯ ᠰᠠᠳᠤᠨ᠂ ᠭᠠᠴᠠᠭᠠᠨ ᠤ ᠤᠳᠤᠷᠢᠳᠤᠯᠭ᠎ᠠ᠂ ᠰᠢᠨᠡᠬᠡᠨ ᠤ ᠰᠢᠲᠠᠷ᠎ᠠ ᠶᠢᠨ ᠨᠡᠶᠢᠭᠡᠮᠯᠢᠭ ᠤᠨ | ᠲᠥᠯᠥᠭᠡᠯᠡᠭᠴᠢ ᠵᠡᠷᠭᠡ ᠤᠯᠠᠨ ᠬᠥᠮᠥᠨ ᠴᠤᠭᠯᠠᠷᠠᠵᠠᠢ᠃ ᠴᠠᠭᠠᠨᠨᠠᠭᠤᠷ ᠭᠠᠴᠠᠭ᠎ᠠ ᠶᠢᠨ ᠨᠠᠮ ᠤᠨ ᠡᠭᠦᠷ ᠤᠨ ᠱᠦᠵᠢ | ᠴᠣᠭᠪᠠᠭᠠᠲᠤᠷ᠄ ︽ᠪᠦᠢᠷ ᠪᠣᠯ ᠮᠠᠨ ᠤ ᠨᠤᠲᠤᠭ ᠤᠨ ᠣᠮᠣᠭᠰᠢᠯ᠂ ᠬᠤᠵᠢᠮ ᠢᠷᠡᠭᠡᠳᠦᠢ ᠳᠤ ᠠᠯᠲᠠᠨ ᠮᠧᠳᠠᠯ ᠣᠯᠬᠤ ᠶᠢ | ᠬᠦᠰᠡᠵᠦ ᠪᠠᠶᠢᠨ᠎ᠠ︾ ᠭᠡᠵᠦ ᠶᠡᠭᠡ ᠬᠦᠰᠡᠯ ᠲᠠᠯᠪᠢᠵᠤ ᠪᠠᠶᠢᠯ᠎ᠠ᠃ ᠲᠣᠰ ᠤᠳᠠᠭᠠᠨ ᠤ ᠤᠭᠲᠤᠬᠤ ᠶᠣᠰᠣᠯᠠᠯ ᠢ ᠬᠤᠢ | ᠰᠤᠮᠤ ᠶᠢᠨ ᠨᠠᠮ ᠵᠠᠰᠠᠭ᠂ ᠴᠠᠭᠠᠨᠨᠠᠭᠤᠷ ᠭᠠᠴᠠᠭᠠᠨ ᠤ ᠨᠠᠮ ᠤᠨ ᠡᠭᠦᠷ ᠭᠠᠴᠠᠭᠠᠨ ᠤ ᠠᠷᠠᠳ ᠤᠨ ᠵᠥᠪᠯᠡᠯ ᠬᠢᠭᠡᠳ | ᠰᠢᠲᠠᠷ᠎ᠠ ᠶᠢᠨ ᠨᠡᠶᠢᠭᠡᠮᠯᠢᠭ ᠤᠨ ᠬᠢᠨ ᠬᠠᠮᠲᠤᠷᠠᠨ ᠵᠣᠬᠢᠶᠠᠨ ᠪᠠᠶᠢᠭᠤᠯᠵᠠᠢ᠃ | ᠤᠤᠯ ᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠣᠲᠣ ᠶᠢᠨ ᠪᠤᠷᠢᠶᠠᠳ ᠰᠣᠶᠣᠯ ᠤᠨ | ᠨᠡᠶᠢᠭᠡᠮᠯᠢᠭ ᠤᠨ ᠳᠡᠳ᠋ ᠳᠠᠷᠤᠭ᠎ᠠ ᠰᠧᠷᠡᠨᠳᠠᠰᠢ᠄ ︽ᠡᠨᠡ ᠤᠳᠠᠭᠠᠨ ᠤ ᠠᠵᠢᠯᠯᠠᠭ᠎ᠠ ᠮᠠᠰᠢ ᠠᠮᠵᠢᠯᠲᠠ ᠲᠠᠢ ᠶᠠᠪᠤᠭᠳᠠᠵᠤ᠂ | ᠪᠦᠢᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯᠣᠨ ᠴᠠᠭᠠᠨᠨᠠᠭᠤᠷ ᠭᠠᠴᠠᠭ᠎ᠠ ᠳᠤ ᠭᠡᠷᠡᠯ | ᠭᠢᠯᠪᠠᠭ᠎ᠠ ᠨᠡᠮᠡᠷᠢᠯᠡᠵᠡᠢ᠃ ᠪᠢᠳᠡ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠲᠠᠢ ᠬᠠᠮᠲᠤᠷᠠᠨ ᠳᠤᠰ ᠠᠵᠢᠯᠯᠠᠭ᠎ᠠ | ᠶᠢ ᠡᠷᠭᠢᠯᠡᠵᠦ᠂ ᠲᠡᠭᠦᠨ ᠤ ᠠᠮᠵᠢᠯᠲᠠ ᠪᠦᠲᠦᠮᠵᠢ ᠶᠢ ᠬᠥᠬᠢᠭᠦᠯᠦᠨ ᠰᠠᠶᠢᠰᠢᠶᠠᠬᠤ ᠪᠠᠷ ᠲᠠᠮᠵᠢᠨ ᠵᠠᠯᠠᠭᠤᠴᠤᠳ ᠤᠨ | ᠬᠦᠰᠡᠯ ᠵᠡᠭᠦᠳᠦ ᠪᠠᠨ ᠬᠥᠭᠡᠭᠡᠴᠡᠯᠳᠦᠬᠦ ᠶᠢ ᠵᠣᠷᠢᠭᠵᠢᠭᠤᠯᠵᠤ ᠪᠠᠶᠢᠨ᠎ᠠ︾ ᠭᠡᠪᠡ᠃ ᠶᠣᠰᠣᠯᠠᠯ ᠤᠨ ᠠᠬᠤᠢ ᠲᠠᠯᠠᠪᠠᠶ ᠳᠤ | ᠪᠠᠰᠠ ᠰᠢᠲᠠᠷ᠎ᠠ ᠶᠢᠨ ᠪᠠᠭ᠋ᠠᠲᠠᠳ ᠲᠤ ᠤᠯᠠᠨ ᠤᠯᠤᠰ ᠤᠨ ᠰᠢᠲᠠᠷ᠎ᠠ ᠶᠢᠨ ᠳᠤᠷ᠎ᠠ ᠰᠣᠨᠢᠷᠬᠠᠯ ᠤᠨ ᠤᠷᠤᠯᠳᠤᠭᠠᠨ | ᠲᠣᠬᠢᠷᠠᠭᠤᠯᠵᠤ᠂ ᠨᠤᠲᠤᠭ ᠤᠨ ᠠᠬ᠎ᠠ ᠳᠡᠭᠦᠦ ᠨᠠᠷ ᠡᠨᠡ ᠬᠦ ᠲᠠᠯ᠎ᠠ ᠨᠤᠲᠤᠭ ᠤᠨ ᠣᠮᠣᠭᠰᠢᠯ ᠪᠣᠯᠤᠭᠰᠠᠨ | ᠬᠥᠪᠡᠭᠦᠨ ᠳᠡᠭᠡᠨ ᠰᠠᠮᠪᠠᠢ ᠬᠠᠳᠠᠭ ᠢᠶᠠᠨ ᠡᠷᠭᠦᠨ᠂ ᠦᠨᠳᠦᠰᠦᠲᠡᠨ ᠤ ᠣᠨᠴᠠᠯᠢᠭᠲᠤ ᠪᠡᠯᠡᠭ ᠬᠦᠷᠭᠡᠵᠦ᠂ ᠲᠡᠭᠦᠨ ᠳᠤ | ᠰᠠᠶᠢᠨ ᠰᠠᠶᠢᠬᠠᠨ ᠵᠥᠩᠨᠡᠯ ᠢᠷᠦᠭᠡᠯ ᠢᠶᠠᠨ ᠳᠡᠪᠰᠢᠭᠦᠯᠵᠡᠢ᠃ | | | ᠤᠯᠠᠨ ᠤᠯᠤᠰ ᠤᠨ ᠰᠢᠲᠠᠷ᠎ᠠ ᠶᠢᠨ ᠤᠷᠤᠯᠳᠤᠭᠠᠨ ᠳᠤ | | | ᠪᠤᠶᠢᠷ ᠥᠪᠡᠷ ᠤᠨ ᠴᠢᠷᠮᠠᠶᠢᠯᠭ᠎ᠠ ᠪᠠ ᠠᠪᠢᠶᠠᠰ ᠴᠢᠳᠠᠪᠤᠷᠢ ᠪᠠᠷ ᠢᠶᠠᠨ ᠤᠯᠠᠨ ᠤᠯᠤᠰ ᠤᠨ ᠰᠢᠲᠠᠷ᠎ᠠ ᠶᠢᠨ | ᠤᠷᠤᠯᠳᠤᠭᠠᠨ ᠳᠤ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠭᠰᠠᠨ ᠢᠶᠠᠷ ᠦᠯᠦ ᠪᠠᠷᠠᠮ ᠨᠡᠩ ᠴᠤ ᠨᠤᠲᠤᠭ | ᠤᠰᠤᠨ ᠤ ᠪᠠᠨ ᠣᠮᠣᠭᠰᠢᠯ ᠪᠠ ᠬᠦᠰᠡᠯ ᠪᠣᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯᠣᠨ ᠴᠠᠭᠠᠨᠨᠠᠭᠤᠷ ᠭᠠᠴᠠᠭ᠎ᠠ ᠶᠢᠨ ᠬᠢᠨ | ᠵᠠᠯᠠᠭᠤᠴᠤᠳ ᠢ ᠪᠦᠭᠦ ᠬᠦᠴᠦᠨ ᠢᠶᠠᠷ ᠢᠶᠠᠨ ᠳᠡᠮᠵᠢᠨ ᠵᠣᠷᠢᠭᠵᠢᠭᠤᠯᠵᠤ ᠪᠠᠶᠢᠬᠤ ᠪᠠᠨ ᠢᠯᠡᠳᠬᠡᠵᠦ᠂ ᠨᠠᠩ ᠤᠯᠠᠨ | ᠵᠠᠯᠠᠭᠤᠴᠤᠳ ᠬᠦᠰᠡᠯ ᠵᠡᠭᠦᠳᠦ ᠪᠠᠨ ᠵᠣᠷᠢᠭᠲᠠᠢ ᠪᠠᠷ ᠬᠥᠭᠡᠭᠡᠴᠡᠯᠳᠦᠨ᠂ ᠰᠢᠯᠢᠳᠡᠭ ᠰᠠᠶᠢᠨ ᠬᠢᠷᠢ ᠪᠦᠳᠦᠮᠵᠢ ᠣᠯᠬᠤ | ᠶᠢ ᠬᠦᠰᠡᠨ ᠵᠥᠩᠨᠡᠭᠰᠡᠨ ᠪᠠᠶᠢᠨ᠎ᠠ᠃ | | | ᠡᠯ᠎ᠡ ᠤᠯᠤᠰ ᠤᠨ ᠰᠢᠲᠠᠷᠠᠴᠢᠳ ᠲᠠᠢ ᠬᠠᠮᠲᠤ |