- ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ | ᠲᠠᠭᠠᠰᠢᠶᠠᠭᠳᠠᠭᠰᠠᠨ ᠠᠯᠪᠠᠳᠠᠨ ᠤ ᠬᠠᠮᠲᠤ︾ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ | ᠬᠤᠷᠢᠶ᠎ᠠ ᠶᠢ ᠲᠡᠮᠳᠡᠭᠯᠡᠪᠡ | | | ᠪᠠᠭᠤᠷᠠᠶᠢᠴᠤᠤᠯ ᠤᠨ ᠡᠷᠬᠡ ᠠᠰᠢᠭ ᠢ ᠬᠠᠯᠠᠮᠵᠢᠯᠠᠬᠤ᠂ ᠬᠥᠳᠡᠯᠮᠦᠷᠢᠴᠢᠳ ᠤᠨ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠬᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠬᠤ᠂ ᠨᠠᠰᠤᠨ ᠳᠤ | ᠦᠯᠦ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠬᠦ᠂ ᠢᠳᠡᠭᠡᠨ ᠤᠮᠳᠠᠭᠠᠨ ᠤ | ᠠᠮᠤᠷ ᠲᠦᠪᠰᠢᠨ ᠢ ᠰᠠᠬᠢᠨ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ ᠁ ᠣᠶᠢᠷ᠎ᠠ ᠶᠢᠨ ᠵᠢᠯ ᠳᠤ | ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠣᠯᠳᠠᠯᠭ᠎ᠠ ᠲᠠᠢ ᠬᠥᠮᠥᠰ᠂ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠢᠴᠠᠭᠠᠬᠤ ᠠᠵᠢᠯ ᠤᠨ ᠠᠮᠵᠢᠯᠲᠠ | ᠪᠦᠳᠦᠮᠵᠢ ᠪᠠᠷ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠨ᠎ᠡ᠃ | ᠰᠢᠨᠡᠯᠡᠬᠦ ᠣᠶᠢᠷᠠᠲᠤᠬᠤ ᠪᠠᠷ ᠤᠯᠠᠭᠠᠢ ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠪᠠᠯᠭᠠᠰᠤᠨ ᠤ ᠵᠡᠭᠡᠯᠢ | ᠭᠤᠳᠤᠮᠵᠢ ᠪᠠᠷ ᠰᠠᠷ᠎ᠠ ᠰᠢᠨ᠎ᠡ ᠶᠢᠨ ᠠᠭᠤᠷ ᠠᠮᠢᠰᠬᠤᠯ ᠥᠳᠬᠡᠷᠡᠵᠦ᠂ ᠬᠤᠳᠠᠯᠳᠤᠭ᠎ᠠ ᠳᠡᠯᠭᠡᠭᠦᠷ ᠢᠶᠠᠷ ᠰᠢᠨ᠎ᠡ ᠶᠢᠨ | ᠪᠠᠷᠠᠭ᠎ᠠ ᠬᠤᠳᠠᠯᠳᠤᠨ ᠠᠪᠬᠤ ᠬᠥᠮᠥᠰ ᠶᠠᠪᠤᠬᠤ ᠲᠤᠳᠤᠮ ᠣᠯᠠᠰᠢᠷᠠᠵᠤ᠂ ᠡᠯ᠎ᠡ ᠵᠦᠢᠯ ᠤᠨ ᠰᠤᠯᠠ ᠢᠳᠡᠭᠡᠨ | ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠠᠶᠢᠯ᠎ᠠ᠃ 1 ᠰᠠᠷ᠎ᠠ ᠶᠢᠨ 13 ᠤ ᠡᠳᠦᠷ᠂ ᠤᠯᠠᠭᠠᠢ ᠬᠠᠮᠢᠶᠠᠷᠤᠯᠲᠠ ᠶᠢᠨ | ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠨᠡᠶᠢᠳᠡ ᠶᠢᠨ ᠠᠰᠠᠷᠠᠮᠵᠢ ᠶᠢᠨ ᠵᠠᠷᠭᠤ ᠳᠤ ᠬᠢᠨᠠᠯᠲᠠ ᠲᠠᠯᠪᠢᠬᠤ | ᠡᠭᠦᠷᠭᠡ ᠴᠢᠳᠠᠪᠬᠢ ᠪᠠᠨ ᠭᠦᠢᠴᠡᠳ ᠦᠢᠯᠡᠳᠦᠯᠭᠡᠵᠢᠭᠦᠯᠦᠨ᠂ ᠰᠢᠨ᠎ᠡ ᠶᠢᠨ ᠪᠠᠷᠠᠭ᠎ᠠ ᠶᠢᠨ ᠵᠠᠬ᠎ᠠ ᠳᠡᠯᠭᠡᠭᠦᠷ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠤᠯᠠ ᠢᠳᠡᠭᠡᠨ ᠢ ᠵᠢᠷᠤᠮᠵᠢᠭᠤᠨ ᠪᠤᠰᠤ ᠪᠠᠷ ᠪᠣᠷᠣᠯᠠᠭᠤᠯᠵᠤ ᠪᠠᠶᠢᠭ᠎ᠠ | ᠬᠤᠳᠠᠯᠳᠤᠭ᠎ᠠ ᠳᠡᠯᠭᠡᠭᠦᠷ ᠢ ᠵᠠᠷᠯᠢᠭᠳᠠᠨ ᠴᠡᠭᠴᠡᠯᠡᠨ ᠵᠠᠰᠠᠵᠤ᠂ ᠰᠤᠯᠠ ᠢᠳᠡᠭᠡᠨ ᠤ ᠠᠮᠤᠷ ᠲᠦᠪᠰᠢᠨ ᠤ ᠭᠡᠮ | ᠰᠣᠭᠤᠭ ᠢ ᠠᠷᠢᠯᠭᠠᠨ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ | ᠲᠦᠪᠰᠢᠨ ᠢ ᠦᠨᠡᠨᠬᠦ ᠪᠠᠲᠤᠯᠠᠪᠠ᠃ ︽ᠪᠠᠶᠢᠴᠠᠭᠠᠬᠤ ᠪᠠᠶᠢᠭᠤᠯᠭ᠎ᠠ ᠶᠢᠨ ᠬᠢᠨ ᠠᠷᠠᠳ ᠤᠯᠠᠨ ᠤ ᠢᠳᠡᠭᠡᠨ ᠤ ᠠᠮᠤᠷ | ᠲᠦᠪᠰᠢᠨ ᠤ ᠠᠰᠠᠭᠤᠳᠠᠯ ᠢ ᠡᠶᠢᠨᠬᠦ ᠠᠩᠬᠠᠷᠤᠨ ᠬᠠᠯᠠᠮᠵᠢᠯᠠᠵᠤ ᠪᠠᠶᠢᠭ᠎ᠠ ᠶᠢ ᠬᠠᠷᠠᠭᠠᠳ ᠪᠢᠳᠡ ᠰᠢᠨ᠎ᠡ ᠶᠢᠨ ᠪᠠᠷᠠᠭ᠎ᠠ | ᠪᠡᠯᠡᠳᠬᠡᠬᠦ ᠳᠡᠭᠡᠨ ᠨᠡᠩ ᠰᠡᠳᠬᠢᠯ ᠠᠮᠤᠷ ᠪᠣᠯᠵᠠᠢ︾ ᠭᠡᠵᠦ ᠤᠯᠠᠨ ᠲᠦᠮᠡᠨ ᠬᠡᠯᠡᠨ᠎ᠡ᠃ | ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠷᠠᠳ ᠤᠨ ᠠᠮᠢᠳᠤᠷᠠᠯ ᠤᠨ | ︽ᠪᠠᠭ᠎ᠠ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠲᠤᠰᠬᠠᠢ | ᠬᠢᠨᠠᠯᠲᠠ ᠲᠠᠯᠪᠢᠯᠲᠠ ᠪᠠᠷ ᠲᠠᠮᠵᠢᠨ ᠬᠤᠯᠪᠣᠭᠳᠠᠯ ᠪᠦᠬᠦᠢ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ | ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠬᠢᠨᠠᠯᠲᠠ ᠲᠠᠯᠪᠢᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ | ︽ᠪᠠᠶᠢᠴᠠᠭᠠᠯᠲᠠ ᠬᠢᠵᠦ ᠬᠢᠨᠠᠯᠲᠠ ᠲᠠᠯᠪᠢᠬᠤ + ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠬᠦ︾ ᠬᠠᠮᠲᠤᠷᠠᠯ | ᠬᠦᠴᠦᠨ ᠢ ᠪᠦᠷᠢᠯᠳᠦᠭᠦᠯᠦᠨ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠪᠠ᠃ | ᠭᠤᠣᠯ ᠮᠥᠷᠡᠨ ᠨᠠᠭᠤᠷ ᠴᠦᠭᠦᠷᠦᠮ ᠢ ᠰᠠᠬᠢᠨ ᠬᠠᠮᠠᠭᠠᠯᠠᠵᠤ᠂ ᠠᠷᠠᠳ ᠤᠯᠠᠨ ᠤ ᠶᠠᠪᠤᠵᠤ ᠰᠠᠭᠤᠬᠤ ᠢᠳᠡᠵᠦ | ᠡᠮᠦᠰᠬᠦ ᠠᠰᠠᠭᠤᠳᠠᠯ ᠳᠤ ᠠᠩᠬᠠᠷᠤᠯ ᠢᠶᠠᠨ ᠲᠠᠯᠪᠢᠨ᠎ᠠ᠃ ᠨᠡᠶᠢᠳᠡ ᠶᠢᠨ ᠠᠰᠠᠷᠠᠮᠵᠢ ᠶᠢᠨ ᠵᠠᠷᠭᠤ ᠨᠢ ᠠᠷᠠᠳ ᠤᠯᠠᠨ | ᠳᠤ ᠦᠨᠡᠨ ᠪᠣᠳᠠᠲᠠᠢ ᠠᠰᠢᠭ ᠬᠦᠷᠲᠡᠭᠡᠭᠰᠡᠭᠡᠷ᠃ | ᠣᠶᠢᠷ᠎ᠠ ᠶᠢᠨ ᠵᠢᠯ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ | ︽ᠬᠤᠪᠢᠰᠬᠠᠯᠲᠤ ᠰᠣᠶᠣᠯ ᠢ ᠤᠯᠠᠮᠵᠢᠯᠠᠨ ᠠᠮᠢ ᠠᠬᠤᠢ ᠶᠢ ᠰᠠᠬᠢᠨ ᠬᠠᠮᠠᠭᠠᠯᠠᠬᠤ· ᠬᠠᠮᠲᠤ ᠪᠠᠷ ᠬᠠᠮᠠᠭᠠᠯᠠᠵᠤ ᠬᠠᠮᠲᠤ | ᠪᠠᠷ ᠠᠰᠢᠭ ᠭᠦᠷᠳᠡᠭᠦ︾ ᠪᠠᠶᠢᠴᠠᠭᠠᠬᠤ ᠲᠦᠷᠦᠯ ᠲᠡᠮᠳᠡᠭ ᠢ ᠪᠠᠶᠢᠭᠤᠯᠤᠨ᠂ ︽ᠠᠭᠠᠷ ᠳᠡᠭᠡᠷ᠎ᠡ ᠠᠴᠠ ᠬᠠᠷᠠᠬᠤ + | ᠭᠠᠵᠠᠷ ᠳᠣᠣᠭᠤᠷ ᠪᠠᠶᠢᠴᠠᠭᠠᠬᠤ + ᠰᠦᠯᠵᠢᠶᠡᠨ ᠳᠡᠭᠡᠷ᠎ᠡ ᠬᠠᠮᠢᠶᠠᠷᠬᠤ︾ᠪᠦᠭᠦ ᠣᠷᠣᠨ ᠪᠠᠶᠢᠷᠢ ᠶᠢᠨ ᠬᠠᠮᠠᠭᠠᠯᠠᠯᠲᠠ | ᠶᠢᠨ ᠰᠢᠰᠲ᠋ᠧᠮ ᠢ ᠴᠣᠭᠴᠠᠯᠠᠨ᠂ ᠬᠢᠨᠠᠯᠲᠠ ᠲᠠᠯᠪᠢᠬᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠲᠠᠮᠵᠢᠨ ᠨᠤᠲᠤᠭ | ᠪᠡᠯᠴᠢᠭᠡᠷ ᠤᠨ ᠠᠮᠢ ᠠᠬᠤᠢ ᠶᠢ 6000 ᠭᠠᠷᠤᠢ ᠮᠦ ᠰᠡᠷᠭᠦᠭᠡᠨ᠂ 1.3 ᠲᠦᠮᠡᠨ ᠪᠣᠰᠤᠭ᠎ᠠ ᠳᠥᠷᠪᠡᠯᠵᠢᠨ ᠮᠸᠲᠷ | ᠤᠨ ᠬᠤᠭ ᠨᠣᠪᠰᠢ ᠶᠢ ᠴᠡᠪᠡᠷᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠱᠠᠯᠠᠪᠳᠠᠭᠤᠯᠵᠤ ᠪᠠᠶᠢᠭᠠᠳ ︽ᠬᠡᠭᠡᠷ᠎ᠡ ᠶᠢᠨ | ᠴᠠᠨ᠎ᠠ ᠴᠡᠴᠡᠭ᠂ ᠱᠦᠭᠦᠷᠭᠡᠨ᠎ᠡ ᠵᠡᠷᠭᠡ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠲᠥᠰᠥᠯ︾ ᠢ ᠳᠠᠷᠤᠮᠠᠯᠯᠠᠨ ᠲᠠᠷᠬᠠᠭᠠᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠠᠢ | ᠬᠠᠮᠲᠤᠷᠠᠨ ᠵᠠᠷᠯᠠᠯ ᠳᠠᠷᠤᠮᠠᠯᠯᠠᠨ ᠲᠠᠷᠬᠠᠭᠠᠵᠤ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠠᠮᠢ ᠠᠬᠤᠢ ᠶᠢ ᠬᠤᠬᠢᠷᠠᠭᠤᠯᠤᠭᠰᠠᠨ | ᠡᠲᠡᠭᠡᠳ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠠᠮᠢ ᠠᠬᠤᠢ ᠶᠢ ᠬᠤᠬᠢᠷᠠᠭᠤᠯᠤᠭᠰᠠᠨ ᠲᠥᠯᠥᠪᠦᠷᠢ ᠶᠢᠨ | ᠬᠠᠷᠢᠭᠤᠴᠠᠯᠭ᠎ᠠ ᠪᠠᠨ ᠢᠳᠡᠪᠬᠢᠲᠡᠢ ᠪᠠᠷ ᠡᠭᠦᠷᠭᠡᠯᠡᠬᠦ ᠶᠢ ᠱᠠᠭᠠᠷᠳᠠᠨ᠂ ᠨᠡᠶᠢᠭᠡᠮ ᠨᠡᠶᠢᠳᠡ ᠶᠢᠨ ᠥᠷᠭᠡᠨ ᠳᠡᠯᠭᠡᠷ | ᠠᠩᠬᠠᠷᠤᠯ ᠪᠠ ᠢᠳᠡᠪᠬᠢᠲᠡᠢ ᠬᠠᠷᠢᠭᠤ ᠲᠤᠰᠬᠠᠯ ᠢ ᠣᠯᠵᠠᠢ᠃ ︽ᠴᠢᠦᠢ ᠣᠪᠣᠭᠲᠤ ᠵᠡᠷᠭᠡ 4 ᠬᠥᠮᠥᠨ ᠤ ᠨᠤᠲᠤᠭ | ᠪᠡᠯᠴᠢᠭᠡᠷ ᠤᠨ ᠠᠮᠢ ᠠᠬᠤᠢ ᠶᠢ ᠡᠪᠳᠡᠭᠰᠡᠨ ᠬᠡᠷᠡᠭ ᠢ ᠵᠠᠭᠠᠯᠳᠤᠬᠤ ᠲᠤᠬᠠᠢ ᠢᠷᠭᠡᠨ ᠤ ᠬᠡᠷᠡᠭ ᠤᠨ ᠨᠡᠶᠢᠲᠡ ᠶᠢᠨ | ᠠᠰᠠᠷᠠᠮᠵᠢ ᠶᠢᠨ ᠵᠠᠷᠭᠤ︾ ᠨᠢ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠤᠶᠠᠳᠤᠭᠠᠷ | ᠳᠡᠰ ᠤᠨ ᠱᠠᠩᠨᠠᠯ ᠢ ᠭᠥᠷᠳᠡᠭᠰᠡᠨ ᠪᠥᠭᠡᠳ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | ᠡᠳᠡᠭᠡᠷ ᠨᠢ ᠵᠥᠪᠭᠡᠨ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠬᠠᠮᠠᠭᠠᠯᠠᠵᠤ᠂ ᠠᠷᠠᠳ ᠤᠯᠠᠨ ᠳᠤ | ᠬᠠᠤᠯᠢ ᠬᠡᠷᠡᠭᠵᠢᠭᠦᠯᠦᠯᠲᠡ ᠶᠢᠨ ᠬᠠᠯᠠᠭᠤᠨ ᠳᠤᠯᠠᠭᠠᠨ ᠪᠠ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠢ ᠦᠨᠡᠨᠬᠦ | ᠮᠡᠳᠡᠷᠡᠭᠦᠯᠦᠭᠰᠡᠨ ᠤ ᠬᠤᠷᠢᠶᠠᠩᠭᠤᠢ ᠵᠢᠷᠤᠭᠯᠠᠯ ᠪᠣᠯᠣᠨ᠎ᠠ᠃ | ︽ᠨᠥᠬᠦᠳ ᠨᠠᠷ︿ᠨᠠᠰᠤᠨ ᠳᠤ ᠦᠯᠦ ᠭᠦᠷᠦᠭᠰᠡᠳ ᠲᠠᠢ ᠬᠤᠯᠪᠣᠭᠳᠠᠭᠰᠠᠨ ᠪᠠᠶᠢᠴᠠᠭᠠᠬᠤ ᠠᠵᠢᠯ﹀ ᠢ ᠮᠡᠳᠡᠨ᠎ᠡ | ᠦᠦ︖︾᠂ ︽ᠲᠠ ᠨᠠᠷ ᠤᠨ ᠬᠠᠵᠠᠭᠤ ᠳᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠵᠢᠯᠯᠠᠭ᠎ᠠ ᠡᠭᠦᠰᠴᠦ | ᠥᠩᠭᠡᠷᠡᠭᠰᠡᠨ ᠦᠦ︖︾᠂ ︽ᠪᠢᠳᠡ ᠬᠡᠷᠬᠢᠨ ᠥᠪᠡᠷ ᠢ ᠪᠠᠨ ᠬᠠᠮᠠᠭᠠᠯᠠᠵᠤ ᠬᠠᠯᠳᠠᠯᠭ᠎ᠠ ᠠᠴᠠ ᠰᠡᠷᠭᠡᠶᠢᠯᠡᠬᠦ ᠪᠤᠶ︖︾᠁ | ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠳᠡᠭᠡᠷ᠎ᠡ ᠤᠯᠠᠭᠠᠢ | ᠬᠠᠮᠢᠶᠠᠷᠤᠯᠲᠠ ᠶᠢᠨ ᠣᠷᠣᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠤᠰᠢᠶᠠᠯᠲᠠᠨ ᠣᠯᠠᠨ ᠵᠢᠯ ᠤᠨ ᠬᠡᠷᠡᠭ | ᠰᠢᠢᠳᠪᠦᠷᠢᠯᠡᠭᠰᠡᠨ ᠲᠤᠷᠰᠢᠯᠭ᠎ᠠ ᠲᠠᠢ ᠪᠠᠨ ᠤᠶᠠᠯᠳᠤᠭᠤᠯᠤᠨ ᠬᠠᠷᠢᠯᠴᠠᠨ ᠠᠰᠠᠭᠤᠵᠤ ᠬᠠᠷᠢᠭᠤᠯᠬᠤ᠂ ᠸᠢᠳᠢᠤ᠋ ᠪᠠᠷ | ᠨᠡᠪᠲᠡᠷᠡᠭᠦᠯᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠭᠡᠯᠪᠡᠷᠢ ᠪᠠᠷ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ | ᠴᠢᠳᠠᠪᠬᠢ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠣᠷ ᠬᠥᠨᠥᠭᠡᠯ᠂ ᠰᠤᠷᠭᠠᠭᠤᠯᠢ ᠶᠢᠨ ᠬᠦᠷᠢᠶᠡᠨ ᠤ | ᠳᠣᠷᠣᠮᠵᠢᠯᠠᠯ ᠢ ᠬᠡᠷᠬᠢᠨ ᠰᠡᠷᠭᠡᠶᠢᠯᠡᠬᠦ ᠵᠡᠷᠭᠡ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠳᠠᠭ᠃ | ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠦᠯᠦ | ᠭᠦᠷᠦᠭᠰᠡᠳ ᠢ ᠣᠨᠴᠠᠭᠠᠢ ᠠᠩᠬᠠᠷᠴᠤ ᠤᠷᠢᠳ ᠢᠶᠠᠷ ᠬᠠᠮᠠᠭᠠᠯᠠᠬᠤ ᠵᠠᠷᠴᠢᠮ ᠢ ᠪᠠᠷᠢᠮᠲᠠᠯᠠᠵᠤ᠂ ᠪᠦᠭᠦ ᠣᠷᠣᠨ ᠳᠤ | ᠲᠦᠷᠦᠭᠦᠯᠡᠨ ︽ᠪᠠᠶᠢᠴᠠᠭᠠᠬᠤ ᠬᠤᠷᠢᠶ᠎ᠠ ᠨᠡᠶᠢᠭᠡᠮ ᠰᠤᠷᠭᠠᠭᠤᠯᠢ ᠭᠡᠷ ᠪᠦᠯᠢ︾ ᠬᠤᠯᠪᠤᠭᠠᠯᠠᠨ ᠬᠥᠳᠡᠯᠦᠯᠴᠡᠬᠦ | ᠠᠵᠢᠯ ᠤᠨ ᠦᠷᠳᠡᠭᠡ ᠶᠢ ᠪᠠᠶᠢᠭᠤᠯᠵᠤ᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠬᠤ ᠶᠢ ᠠᠬᠢᠭᠤᠯᠪᠠ᠃ ︽ᠨᠢᠯᠬᠠᠰ ᠢ ᠬᠠᠷᠠᠭᠠᠯᠵᠠᠨ ᠲᠡᠵᠢᠭᠡᠬᠦ︾ ᠶᠢ ᠦᠨᠡᠨ ᠬᠦ ᠪᠠᠲᠤᠯᠠᠵᠤ᠂ | ᠡᠴᠢᠭᠡ ᠨᠢ ᠡᠷᠡᠭᠦᠦ ᠰᠢᠢᠳᠬᠡᠯ ᠭᠦᠢᠴᠡᠳᠬᠡᠵᠦ ᠪᠠᠶᠢᠬᠤ᠂ ᠡᠬᠡ ᠨᠢ ᠠᠯᠠᠭ᠎ᠠ ᠪᠣᠯᠤᠭᠰᠠᠨ 2 ᠨᠠᠰᠤ ᠭᠦᠷᠦᠭᠡᠳᠦᠢ | ᠨᠢᠯᠬ᠎ᠠ ᠬᠡᠦᠬᠡᠳ ᠤᠨ ᠬᠢᠨᠠᠨ ᠬᠠᠮᠠᠭᠠᠯᠠᠭᠴᠢ ᠶᠢ ᠨᠢ ᠬᠤᠪᠢᠷᠠᠭᠤᠯᠬᠤ ᠶᠢᠨ ᠬᠠᠮᠲᠤ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ ᠤᠨ ᠲᠣᠭᠠᠨ ᠳᠤ ᠣᠷᠣᠭᠤᠯᠬᠤ ᠶᠢ ᠭᠤᠣᠯᠯᠠᠨ ᠬᠠᠮᠢᠶᠠᠷᠬᠤ ᠪᠠᠶᠢᠭᠤᠯᠭ᠎ᠠ ᠳᠤ ᠱᠠᠭᠠᠷᠳᠠᠪᠠ᠃ ︽ᠨᠢᠭᠡ | ᠦᠷᠲᠡᠭᠡᠴᠢᠯᠡᠭᠰᠡᠨ ᠮᠠᠶ᠋ᠢᠭ︾ ᠤᠨ ᠬᠡᠷᠡᠭ ᠰᠢᠢᠳᠪᠦᠷᠢᠯᠡᠬᠦ ᠲᠥᠪ ᠢ ᠪᠠᠶᠢᠭᠤᠯᠵᠤ᠂ ᠰᠡᠳᠬᠢᠴᠡ ᠶᠢᠨ ᠵᠥᠪᠯᠡᠭᠴᠢ ᠶᠢ | ᠤᠷᠢᠵᠤ ᠨᠡᠶᠢᠲᠡ 80 ᠭᠠᠷᠤᠢ ᠵᠠᠯᠠᠭᠤᠴᠤᠳ ᠪᠠᠭᠠᠴᠤᠳ ᠲᠤ ᠰᠡᠳᠬᠢᠴᠡ ᠶᠢᠨ ᠵᠢᠯᠣᠭᠤᠳᠤᠯᠭ᠎ᠠ ᠬᠢᠵᠦ᠂ ᠨᠠᠰᠤᠨ ᠳᠤ | ᠦᠯᠦ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ᠃ | ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠡᠭᠦᠷᠭᠡ ᠴᠢᠳᠠᠪᠤᠷᠢ ᠪᠠᠨ | ᠶᠡᠷᠦᠩᠬᠡᠶᠢᠯᠡᠨ ᠬᠡᠷᠡᠭᠯᠡᠵᠦ᠂ ᠡᠯ᠎ᠡ ᠲᠠᠯ᠎ᠠ ᠶᠢᠨ ᠬᠦᠴᠦᠨ ᠢ ᠨᠡᠶᠢᠳᠬᠡᠵᠦ ᠠᠷᠠᠳ ᠣᠯᠠᠨ ᠤ ᠬᠠᠤᠯᠢ ᠴᠠᠭᠠᠵᠠ ᠶᠢᠨ | ᠬᠡᠷᠡᠭᠴᠡᠭᠡ ᠶᠢ ᠢᠳᠡᠪᠬᠢᠲᠡᠢ ᠬᠠᠩᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠠᠯᠢ ᠣᠯᠠᠨ ᠠᠷᠭ᠎ᠠ ᠬᠡᠮᠵᠢᠶ᠎ᠡ ᠪᠠᠷ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ | ᠬᠠᠤᠯᠢ ᠪᠠᠷᠢᠬᠤ᠂ ᠬᠠᠤᠯᠢ ᠪᠠᠷ ᠵᠠᠰᠠᠬᠤ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠪᠡ᠃ ᠣᠶᠢᠷ᠎ᠠ ᠳᠤ | ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠳᠣᠯᠣᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ︾ | ᠪᠠᠷ ᠦᠨᠡᠯᠡᠭᠳᠡᠭᠰᠡᠨ ᠪᠠᠶᠢᠨ᠎ᠠ᠃ |