ᠶᠤᠮ ᠤᠨ ᠪᠠᠶᠢᠰᠢᠩ ᠪᠠᠯᠭᠠᠰᠤᠨ ᠤ ᠳ᠋ᠦᠩ ᠫᠧᠩ ᠽᠢ ᠲᠣᠰᠬᠤᠨ᠄ ᠬᠠᠶᠢᠷ᠎ᠠ ᠬᠠᠯᠠᠮᠵᠢ ᠪᠠᠷ ᠲᠣᠰᠬᠤᠨ ᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/2/25
    ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠰᠢᠯᠢᠳᠡᠭ ᠨᠡᠶᠢᠭᠡᠮ ᠤᠨ ᠬᠡᠪ ᠰᠤᠷᠲᠠᠯ ᠢ ᠤᠯᠠᠮ ᠨᠢᠭᠡ ᠠᠯᠬᠤᠮ ᠵᠤᠵᠠᠭᠠᠳᠬᠠᠬᠤ ᠶᠢᠨ ᠲᠥᠯᠥᠭᠡ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠬᠠᠷᠢᠶᠠᠲᠤ ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠦᠨᠡᠨ ᠬᠦ ᠴᠢᠩᠭᠠᠳᠬᠠᠵᠤ᠂ ᠬᠠᠷᠢᠶᠠᠲᠤ ᠲᠣᠭᠤᠷᠢᠭ ᠤᠨ ᠲᠣᠰᠬᠤᠨ ᠤ ᠠᠷᠠᠳ ᠲᠤ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠶᠢᠨ ᠲᠥᠯᠥᠭᠡ᠂ ᠣᠶᠢᠷ᠎ᠠ ᠳᠤ᠂ ᠶᠤᠮ ᠤᠨ ᠪᠠᠶᠢᠰᠢᠩ ᠪᠠᠯᠭᠠᠰᠤᠨ ᠤ ᠳ᠋ᠦᠩ ᠫᠧᠩ ᠽᠢ ᠲᠣᠰᠬᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠭᠠᠷ ᠬᠤᠯᠪᠣᠨ ᠨᠢᠭᠡ ᠤᠳᠠᠭᠠᠨ ᠤ ᠤᠳᠬ᠎ᠠ ᠠᠭᠤᠯᠭ᠎ᠠ ᠲᠠᠢ ᠡᠷᠡᠭᠦᠯ ᠮᠡᠨᠳᠦ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠲᠣᠭᠤᠷᠢᠭ ᠤᠨ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠠᠵᠠ ᠵᠢᠷᠭᠠᠯ  ᠢ ᠬᠥᠷᠲᠡᠭᠡᠭᠰᠡᠨ ᠪᠠᠶᠢᠨ᠎ᠠ᠃     ᠠᠵᠢᠯᠯᠠᠭ᠎ᠠ ᠶᠢᠨ ᠳᠤᠮᠳᠠ᠂ ᠴᠡᠷᠢᠭ ᠤᠨ ᠨᠠᠶᠢᠵᠠ ᠶᠢᠨ ᠡᠮᠨᠡᠯᠭᠡ ᠶᠢᠨ ᠬᠤᠷᠢᠶᠠᠨ ᠤ ᠲᠤᠰᠬᠠᠢ ᠡᠮᠴᠢᠯᠡᠭᠡᠨ ᠤ ᠪᠦᠯᠬᠦᠮ ᠭᠠᠴᠠᠭᠠᠨ ᠤ ᠠᠷᠠᠳ ᠤᠨ ᠵᠥᠪᠯᠡᠯ ᠤᠨ ᠠᠵᠢᠯᠲᠠᠳ ᠲᠠᠢ ᠴᠢᠳᠠᠪᠤᠷᠢ ᠪᠠᠨ ᠠᠯᠳᠠᠭᠰᠠᠨ ᠨᠠᠰᠤᠲᠠᠨ ᠤ ᠭᠡᠷ ᠲᠤ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ ᠪᠠ ᠠᠰᠠᠭᠤᠨ ᠯᠠᠪᠯᠠᠬᠤ ᠦᠢᠯᠡᠴᠢᠯᠡᠭᠡ ᠦᠷᠨᠢᠭᠦᠯᠦᠭᠰᠡᠨ ᠪᠠᠶᠢᠨ᠎ᠠ᠃ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠤᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠳᠤ ᠴᠢᠭᠯᠡᠭᠦᠯᠦᠨ᠂ ᠡᠮᠴᠢ ᠠᠴᠠ ᠡᠪᠡᠳᠴᠢᠨ ᠤ ᠪᠠᠶᠢᠳᠠᠯ ᠢ ᠬᠦᠯᠢᠴᠡᠩᠭᠦᠢ ᠪᠠᠷ ᠯᠠᠪᠯᠠᠨ ᠠᠰᠠᠭᠤᠵᠤ᠂ ᠡᠪᠡᠳᠴᠢᠨ ᠤ ᠪᠠᠶᠢᠳᠠᠯ ᠢ ᠨᠠᠷᠢᠨ ᠵᠠᠳᠠᠯᠵᠤ᠂ ᠲᠤᠰᠬᠠᠢ ᠮᠡᠷᠭᠡᠵᠢᠯ ᠤᠨ ᠡᠮᠨᠡᠨ ᠵᠠᠰᠠᠬᠤ ᠰᠠᠨᠠᠭᠤᠯᠭ᠎ᠠ ᠪᠠ ᠡᠮ ᠬᠡᠷᠡᠭᠯᠡᠬᠦ ᠲᠠᠯ᠎ᠠ ᠪᠠᠷ ᠵᠢᠭᠠᠨ ᠵᠢᠯᠣᠭᠤᠳᠪᠠ᠃ ᠣᠶᠢᠯᠠᠭᠠᠮᠵᠢᠲᠠᠢ ᠦᠭᠡ ᠬᠡᠯᠡ ᠪᠠᠷ ᠬᠠᠪᠤᠷ ᠤᠨ ᠤᠯᠠᠷᠢᠯ ᠤᠨ ᠪᠡᠶ᠎ᠡ ᠰᠤᠪᠢᠯᠠᠯᠲᠠ᠂ ᠡᠪᠡᠳᠴᠢᠨ ᠡᠮᠭᠡᠭ ᠢ ᠰᠡᠷᠭᠡᠶᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠬᠠᠯᠳᠠᠪᠤᠷᠢᠲᠤ ᠲᠠᠭᠰᠢᠭᠤᠷ᠂ ᠠᠭᠤᠰᠬᠢᠨ ᠦᠷᠪᠢᠰᠦᠯ ᠵᠡᠷᠭᠡ ᠡᠪᠦᠯ ᠤᠨ ᠤᠯᠠᠷᠢᠯ ᠤᠨ ᠣᠯᠠᠨ ᠡᠭᠦᠰᠬᠦ ᠡᠪᠡᠳᠴᠢᠨ ᠡᠮᠭᠡᠭ ᠢ ᠰᠡᠷᠭᠡᠶᠢᠯᠡᠨ ᠬᠠᠮᠠᠭᠠᠯᠠᠬᠤ  ᠶᠢ ᠭᠤᠣᠯᠳᠠᠯᠭ᠎ᠠ ᠲᠠᠢ ᠲᠦᠭᠡᠮᠡᠯᠵᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃     ᠴᠡᠷᠢᠭ ᠤᠨ ᠨᠠᠶᠢᠵᠠ ᠶᠢᠨ ᠡᠮᠨᠡᠯᠭᠡ ᠶᠢᠨ ᠬᠤᠷᠢᠶ᠎ᠠ ᠪᠣᠯᠣᠨ ᠲᠣᠰᠬᠤᠨ ᠤ ᠠᠷᠠᠳ ᠤᠨ ᠵᠥᠪᠯᠡᠯ  ᠪᠠᠰᠠ ᠨᠠᠰᠤᠲᠠᠶᠢᠴᠤᠳ ᠲᠤ ᠨᠠᠷᠢᠨ ᠨᠢᠮᠪᠠᠢ ᠪᠡᠯᠡᠳᠬᠡᠭᠰᠡᠨ ᠪᠠᠶᠢᠩᠭᠤ ᠬᠡᠷᠡᠭᠯᠡᠬᠦ  ᠡᠮ ᠬᠦᠷᠭᠡᠵᠦ᠂ ᠭᠡᠨᠡᠳᠲᠡ ᠶᠢᠨ ᠬᠡᠷᠡᠭᠴᠡᠭᠡ ᠳᠤ ᠪᠡᠯᠡᠳᠭᠡᠯ ᠬᠢᠪᠡ᠃ ᠸᠠᠩ ᠡᠮᠡᠭᠡ᠄ ︽ᠨᠠᠰᠤ ᠠᠬᠢᠴᠢᠬᠠᠯ᠎ᠠ᠂ ᠭᠠᠳᠠᠭᠰᠢ ᠭᠠᠷᠴᠤ ᠡᠪᠡᠳᠴᠢᠨ ᠦᠵᠡᠭᠦᠯᠬᠦ ᠳᠤ ᠳᠥᠭᠦᠮ ᠦᠭᠡᠢ᠂ ᠲᠠ ᠨᠠᠷ ᠲᠣᠰᠬᠤᠨ ᠳᠤ ᠢᠷᠡᠵᠦ ᠪᠡᠶ᠎ᠡ ᠮᠠᠬᠠᠪᠤᠳ ᠶᠢ ᠪᠠᠶᠢᠴᠠᠭᠠᠨ ᠥᠭᠴᠦ᠂ ᠪᠠᠰᠠ ᠡᠮ ᠬᠦᠷᠭᠡᠵᠦ᠂ ᠦᠨᠡᠬᠡᠷ ᠮᠠᠰᠢ ᠳᠣᠲᠣᠨᠣ ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠪᠡ᠃     ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠲᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ  ᠬᠠᠩᠭᠠᠨ ᠥᠭᠴᠦ᠂ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠨᠠᠰᠤᠲᠠᠨ ᠢᠶᠠᠨ ᠬᠦᠨᠳᠦᠯᠡᠬᠦ ᠨᠢ ᠲᠣᠰᠬᠤᠨ  ᠤ ᠤᠯᠠᠮᠵᠢᠯᠠᠯᠲᠤ ᠰᠠᠶᠢᠬᠠᠨ ᠰᠤᠷᠲᠠᠯ  ᠪᠣᠯᠤᠭᠰᠠᠨ ᠪᠠᠶᠢᠨ᠎ᠠ᠃ ᠢᠷᠡᠭᠡᠳᠦᠢ ᠳᠤ᠂ ᠳ᠋ᠦᠩ ᠫᠧᠩ ᠽᠢ ᠲᠣᠰᠬᠤᠨ ᠡᠯᠪᠡᠭ ᠪᠠᠶᠠᠯᠢᠭ ᠬᠡᠯᠪᠡᠷᠢ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠰᠬᠤᠨ ᠤ ᠠᠷᠠᠳ ᠤᠨ ᠡᠷᠡᠭᠦᠯ ᠴᠢᠭᠢᠷᠠᠭ ᠠᠮᠢᠳᠤᠷᠠᠯ ᠢ ᠪᠠᠲᠤᠯᠠᠬᠤ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号