ᠶᠡᠭᠡ ᠰᠤᠷᠭᠠᠭᠤᠯᠢ ᠳᠤ ᠲᠤᠰᠬᠠᠢ ᠮᠡᠷᠭᠡᠵᠢᠯᠲᠡᠨ ᠤᠷᠢᠵᠤ ᠪᠠᠭᠰᠢᠯᠠᠭᠤᠯᠬᠤ ᠶᠢ ᠵᠣᠷᠢᠭᠵᠢᠭᠤᠯᠤᠨ᠎ᠠ
ᠨᠡᠶᠢᠲᠡᠯᠡᠭᠰᠡᠨ ᠴᠠᠭ᠄
2025/2/25
    ᠰᠤᠷᠭᠠᠨ ᠬᠥᠮᠦᠵᠢᠯ ᠤᠨ ᠶᠠᠮᠤᠨ ᠵᠡᠷᠭᠡ 8 ᠰᠠᠯᠠᠭ᠎ᠠ ᠮᠥᠴᠢᠷ ︽ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ᠲᠤᠰ ᠬᠠᠮᠢᠶᠠᠷᠤᠯᠲᠠ ᠶᠢᠨ ᠠᠷᠭ᠎ᠠ ᠨᠢ ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠲᠥᠪᠯᠡᠷᠡᠭᠦᠯᠵᠦ ᠨᠡᠶᠢᠲᠡᠯᠡᠭᠰᠡᠨ ᠠᠩᠬᠠᠳᠠᠭᠴᠢ ᠲᠤᠰᠬᠠᠢ ᠪᠢᠴᠢᠭ ᠮᠠᠲ᠋ᠧᠷᠢᠶᠠᠯ ᠪᠣᠯᠣᠨ᠎ᠠ᠃    ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠭᠡᠳᠡᠭ ᠨᠢ ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠳᠤ ᠤᠷᠢᠭᠳᠠᠭᠰᠠᠨ ᠲᠤᠰᠢᠶᠠᠯ ᠬᠠᠪᠰᠤᠷᠭᠠᠬᠤ ᠠᠷᠭ᠎ᠠ ᠮᠠᠶ᠋ᠢᠭ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠡᠭᠦᠷᠭᠡ ᠶᠢ ᠡᠭᠦᠷᠭᠡᠯᠡᠭᠰᠡᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠥᠨᠳᠥᠷ ᠮᠡᠷᠭᠡᠵᠢᠯ ᠴᠢᠳᠠᠪᠤᠷᠢ ᠲᠠᠢ ᠬᠥᠮᠥᠰ ᠢ ᠵᠢᠭᠠᠵᠤ ᠪᠤᠶ᠃ ︽ᠬᠠᠮᠢᠶᠠᠷᠤᠯᠲᠠ ᠶᠢᠨ ᠠᠷᠭ᠎ᠠ︾ ᠳᠤ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢᠨ ᠠᠵᠢᠯ ᠲᠥᠷᠥᠯ ᠤᠨ ᠢᠷᠡᠯᠲᠡ ᠪᠠ ᠠᠵᠢᠯ ᠡᠷᠭᠢᠯᠡᠭᠰᠡᠨ ᠥᠩᠭᠡᠷᠡᠯᠲᠡ ᠶᠢ ᠲᠣᠳᠣᠷᠬᠠᠶᠢᠯᠠᠵᠤ᠂ ᠤᠯᠤᠰ ᠲᠥᠷᠥ ᠶᠢᠨ ᠬᠡᠪ ᠴᠢᠨᠠᠷ᠂ ᠰᠤᠷᠤᠯᠭ᠎ᠠ ᠶᠢᠨ ᠨᠠᠮᠲᠠᠷ᠂ ᠬᠡᠷᠡᠭᠯᠡᠭᠡᠨ ᠤ ᠴᠢᠨᠠᠷᠲᠠᠢ ᠦᠷ᠎ᠡ ᠪᠦᠲᠦᠭᠡᠯ ᠵᠡᠷᠭᠡ ᠲᠠᠯ᠎ᠠ ᠪᠠᠷ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢ ᠰᠣᠩᠭᠤᠨ ᠤᠷᠢᠬᠤ ᠦᠨᠳᠦᠰᠦᠨ ᠨᠥᠬᠦᠴᠡᠯ ᠢ ᠲᠣᠳᠣᠷᠬᠠᠶᠢᠯᠠᠵᠤ᠂ ᠮᠡᠷᠭᠡᠵᠢᠯ ᠴᠢᠳᠠᠪᠤᠷᠢ᠂ ᠲᠣᠪᠣᠶᠢᠮ᠎ᠠ ᠬᠤᠪᠢ ᠨᠡᠮᠡᠷᠢ᠂ ᠬᠠᠮᠢᠶᠠᠷᠤᠯᠲᠠ ᠶᠢᠨ ᠲᠤᠷᠰᠢᠯᠭ᠎ᠠ ᠵᠡᠷᠭᠡ ᠲᠠᠯ᠎ᠠ ᠪᠠᠷ ᠲᠡᠷᠢᠭᠦᠨ ᠨᠥᠬᠦᠴᠡᠯ ᠪᠤᠯᠭᠠᠬᠰᠠᠨ ᠪᠥᠭᠡᠳ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠵᠤ ᠬᠡᠷᠡᠭᠯᠡᠬᠦ ᠶᠠᠪᠤᠴᠠ ᠶᠢᠨ ᠲᠤᠬᠠᠢ ᠨᠠᠷᠢᠨ ᠲᠣᠳᠣᠷᠬᠠᠢ ᠲᠣᠭᠲᠠᠭᠠᠯ ᠭᠠᠷᠭᠠᠵᠠᠢ᠃    ︽ᠬᠠᠮᠢᠶᠠᠷᠤᠯᠲᠠ ᠶᠢᠨ ᠠᠷᠭ᠎ᠠ︾ ᠳᠤ᠂ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠠᠴᠠ ᠴᠢᠳᠠᠪᠤᠷᠢᠲᠠᠨ ᠬᠥᠮᠥᠵᠢᠭᠦᠯᠬᠦ ᠳᠤ ᠣᠷᠤᠯᠴᠠᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠥᠷᠨᠢᠭᠦᠯᠬᠦ ᠵᠡᠷᠭᠡ ᠡᠭᠦᠷᠭᠡ ᠶᠢ ᠡᠭᠦᠷᠭᠡᠯᠡᠬᠦ ᠭᠡᠷᠡᠭᠲᠡᠢ; ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠨᠤᠭᠤᠳ ᠤᠷᠢᠨ ᠬᠡᠷᠡᠭᠯᠡᠬᠦ ᠠᠷᠭ᠎ᠠ ᠪᠠᠨ ᠲᠡᠭᠦᠯᠳᠡᠷᠵᠢᠭᠦᠯᠬᠦ᠂ ᠤᠷᠢᠵᠤ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠬᠤ ᠵᠡᠷᠭᠡ ᠡᠭᠦᠷᠭᠡ ᠶᠢ ᠡᠭᠦᠷᠭᠡᠯᠡᠬᠦ ᠭᠡᠷᠡᠭᠲᠡᠢ; ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢᠨ ᠪᠠᠶᠢᠭ᠎ᠠ ᠪᠠᠶᠢᠭᠤᠯᠭ᠎ᠠ ᠨᠢᠭᠡᠴᠢ ᠨᠢ ᠴᠢᠳᠠᠪᠤᠷᠢᠲᠠᠨ ᠢ ᠤᠷᠢᠬᠤ ᠶᠢ ᠳᠡᠮᠵᠢᠬᠦ᠂ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠡᠭᠦᠷᠭᠡ ᠶᠢ ᠡᠭᠦᠷᠭᠡᠯᠡᠬᠦ ᠬᠡᠷᠡᠭᠲᠡᠢ ᠭᠡᠵᠦ ᠳᠤᠷᠠᠳᠪᠠ᠃    ︽ᠬᠠᠮᠢᠶᠠᠷᠤᠯᠲᠠ ᠶᠢᠨ ᠠᠷᠭ᠎ᠠ︾ ᠨᠢ ᠶᠡᠭᠡ ᠳᠡᠭᠡᠳᠦ ᠰᠤᠷᠭᠠᠭᠤᠯᠢ ᠠᠴᠠ ᠠᠵᠢᠯ ᠲᠥᠷᠥᠯ ᠤᠨ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠥᠨᠳᠥᠷ ᠮᠡᠷᠭᠡᠵᠢᠯ ᠴᠢᠳᠠᠪᠤᠷᠢ ᠲᠠᠢ ᠬᠥᠮᠥᠰ ᠢ ᠤᠷᠢᠵᠤ ᠲᠤᠰᠢᠶᠠᠯ ᠬᠠᠪᠰᠤᠷᠭᠠᠭᠰᠠᠨ ᠪᠠᠭᠰᠢ ᠪᠤᠯᠭᠠᠬᠤ ᠶᠢ ᠵᠣᠷᠢᠭᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠳᠠᠳᠤᠯᠭ᠎ᠠ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠶᠢ ᠬᠠᠷᠢᠯᠴᠠᠨ ᠠᠭᠤᠰᠤᠯᠴᠠᠭᠤᠯᠵᠤ᠂ ᠰᠤᠷᠤᠬᠴᠢᠳ ᠤᠨ ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠠᠭᠤᠳᠠᠯᠬᠤ᠂ ᠦᠢᠯᠡᠳᠦᠯᠭᠡ ᠶᠢᠨ ᠴᠢᠳᠠᠪᠤᠷᠢ ᠶᠢ ᠳᠠᠪᠲᠠᠨ ᠪᠤᠯᠪᠠᠰᠤᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠬᠠᠩᠭᠠᠵᠤ᠂ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠮ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ᠂ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠢᠯᠡᠰ ᠤᠨ ᠦᠢᠯᠡᠴᠢᠯᠡᠭᠡᠨ ᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠣᠯᠣᠨ᠎ᠠ᠃    ᠢᠷᠡᠯᠲᠡ᠄ ᠰᠤᠷᠭᠠᠨ ᠬᠥᠮᠦᠵᠢᠯ ᠤᠨ ᠨᠡᠶᠢᠲᠡᠯᠡᠯ ᠲᠠᠪᠴᠠᠩ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号