︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠥᠬᠡᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 2025 ᠣᠨ ᠳᠤ᠂ ᠬᠥᠬᠡᠬᠤᠲᠠ ︽ᠠᠵᠤ ᠦᠢᠯᠡᠰ ᠤᠨ | ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠠᠭᠤᠷᠢ ᠲᠥᠬᠦᠭᠡᠷᠦᠮᠵᠢ︾ ᠭᠤᠷᠪᠠᠨ ᠶᠡᠭᠡ ᠬᠦᠷᠢᠶᠡᠨ ᠤ | ᠲᠣᠭᠤᠷᠢᠨ ᠳᠤ 1288 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠳᠤ 1740 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠳᠥᠷᠪᠡᠨ ᠵᠢᠯ ᠳᠠᠷᠠᠭᠠᠯᠠᠨ ᠭᠤᠣᠯᠳᠠᠯᠭ᠎ᠠ ᠲᠠᠢ | ᠲᠥᠷᠥᠯ ᠵᠦᠢᠯ ᠤᠨ ︽ᠬᠤᠣᠰ ᠨᠢᠭᠡ ᠮᠢᠩᠭ᠎ᠠ︾ ᠶᠢᠨ ᠬᠠᠷᠠᠯᠲᠠ ᠶᠢ ᠪᠡᠶᠡᠯᠡᠭᠦᠯᠵᠦ᠂ ᠵᠢᠯ ᠤᠨ ᠪᠡᠯᠡ | ᠣᠷᠣᠭᠤᠯᠤᠯᠲᠠ ᠶᠢᠨ ᠬᠡᠪᠴᠢᠶ᠎ᠡ ᠨᠢ ᠲᠦᠷᠦᠭᠦᠸ ᠵᠢᠯ ᠤᠨ ᠬᠢ ᠠᠴᠠ 16% ᠪᠠᠷ ᠨᠡᠮᠡᠭᠳᠡᠭᠦᠯᠬᠦ ᠪᠠᠷ ᠪᠤᠢ᠃ | ᠡᠭᠦᠨ ᠳᠤ ᠠᠵᠤ ᠦᠢᠯᠡᠰ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 85% | ᠰᠢᠬᠠᠮ ᠳᠤ ᠬᠦᠷᠴᠦ᠂ ᠪᠦᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦᠷ | ᠪᠣᠯᠵᠠᠢ᠃ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ | 775 ᠬᠦᠷᠴᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ 1622 ᠳ᠋ᠦᠩᠰᠢᠭᠤᠷ ᠲᠥᠭᠦᠷᠢᠭ ᠲᠤ ᠬᠦᠷᠴᠦ᠂ | ᠡᠵᠡᠯᠡᠬᠦ ᠬᠠᠷᠢᠴᠠᠯ ᠨᠢ 93% ᠶᠢ ᠳᠠᠪᠠᠵᠤ᠂ ᠲᠥᠷᠥᠯ ᠵᠦᠢᠯ ᠤᠨ ᠬᠡᠪᠴᠢᠶ᠎ᠡ ᠪᠣᠯᠣᠨ ᠪᠦᠲᠦᠴᠡ ᠦᠷᠭᠦᠯᠵᠢᠯᠡᠨ | ᠰᠢᠯᠢᠳᠡᠭᠵᠢᠵᠦ᠂ ᠵᠠᠬ᠎ᠠ ᠳᠡᠯᠭᠡᠭᠦᠷ ᠤᠨ ᠢᠲᠡᠭᠡᠯ ᠪᠣᠯᠣᠨ ᠵᠠᠰᠠᠭ ᠤᠨ ᠣᠷᠳᠣᠨ ᠤ ᠬᠥᠲᠥᠯᠥᠨ ᠳᠠᠭᠠᠭᠤᠯᠬᠤ ᠶᠢᠨ | ᠬᠠᠮᠵᠢᠯᠴᠠᠬᠤ ᠦᠢᠯᠡᠳᠦᠯ ᠢ ᠭᠦᠢᠴᠡᠳ ᠢᠯᠡᠷᠡᠭᠦᠯᠪᠡ᠃ | 2025 ᠣᠨ ᠳᠤ᠂ ᠬᠥᠬᠡᠬᠤᠲᠠ ᠶᠢᠨ ᠠᠵᠤ ᠦᠢᠯᠡᠰ ᠤᠨ ᠲᠦᠷᠦᠯ ᠵᠦᠢᠯ ᠨᠢ ︽ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ 492 ᠭᠤᠣᠯᠳᠠᠯᠭ᠎ᠠ ᠲᠠᠢ ᠲᠦᠷᠦᠯ ᠵᠦᠢᠯ ᠢ | ᠬᠡᠷᠡᠭᠵᠢᠭᠦᠯᠵᠦ᠂ 969 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠠᠵᠤ ᠦᠢᠯᠡᠰ ᠤᠨ | ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ 66% ᠢ ᠡᠵᠡᠯᠡᠵᠦ᠂ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠨᠢ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠠᠵᠤ ᠦᠢᠯᠡᠰ ᠤᠨ ᠬᠡᠯᠬᠢᠶ᠎ᠡ ᠶᠢ | ᠳᠡᠭᠡᠳᠦ ᠳᠡᠰᠴᠢᠯᠡᠯᠲᠡ᠂ ᠣᠶᠤᠨᠴᠢᠯᠠᠯᠲᠠ᠂ ᠪᠣᠬᠢᠷᠲᠤᠯ ᠦᠭᠡᠢ ᠪᠠᠷ ᠲᠡᠰ ᠳᠡᠪᠰᠢᠬᠦ ᠳᠤ ᠯᠤᠲᠤ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠪᠣᠯᠣᠨ᠎ᠠ᠃ | |