ᠨᠢᠭᠡ ᠳᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠪᠠᠶᠢᠳᠠᠯ ᠲᠦᠷᠭᠡᠳᠪᠡ᠃ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠬᠤᠭᠤᠷᠣᠨᠳᠣᠬᠢ ᠬᠥᠳᠡᠯᠭᠡᠭᠦᠷᠲᠦ ᠲᠡᠷᠭᠡᠨ | ᠴᠤᠪᠤᠭ᠎ᠠ ᠶᠢ ᠨᠡᠶᠢᠲᠡ ᠶᠢᠨ ᠵᠠᠮ ᠬᠠᠷᠢᠯᠴᠠᠭᠠᠨ ᠤ ᠬᠡᠯᠪᠡᠷᠢ ᠪᠠᠷ ᠪᠠᠶᠢᠩᠭᠤᠰᠢᠭᠤᠯᠤᠨ ᠡᠵᠡᠩᠨᠡᠵᠦ᠂ ᠬᠥᠬᠡᠬᠤᠲᠠ | ᠪᠤᠭᠤᠲᠤ ᠬᠤᠲᠠ ᠶᠢᠨ ᠬᠤᠭᠤᠷᠣᠨᠳᠣᠬᠢ ᠨᠡᠶᠢᠲᠡ ᠶᠢᠨ ᠵᠠᠮ ᠬᠠᠷᠢᠯᠴᠠᠭᠠᠨ ᠤ ᠨᠡᠭᠡᠭᠡᠯᠲᠡ ᠶᠢ ᠠᠬᠢᠭᠤᠯᠵᠤ᠂ S43 | ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠬᠤᠶᠠᠷ ᠲᠤ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠢ ᠶᠢᠨ | ᠬᠦᠷᠢᠶᠡᠨ ᠳᠤ ᠲᠦᠷᠭᠡᠨ ᠠᠭᠤᠰᠤᠯᠴᠠᠪᠠ᠃ ︽ᠬᠤᠶᠠᠷ ᠴᠠᠭ ᠤᠨ ᠰᠢᠨ᠎ᠡ ᠡᠭᠦᠳᠦᠯᠲᠡ ᠶᠢᠨ ᠬᠦᠷᠢᠶ᠎ᠡ︾᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠡᠭᠦᠳᠦᠯᠲᠡ ᠶᠢᠨ ᠲᠠᠪᠴᠠᠩ ᠢ ᠪᠠᠶᠢᠭᠤᠯᠵᠤ᠂ ︽ᠪᠡᠭᠡᠵᠢᠩ ᠤᠨ | ᠳ᠋ᠠᠶᠢᠲ᠋ᠠ ᠶᠢ ᠥᠪᠥᠷ ᠮᠣᠩᠭᠤᠯ ᠳᠤ ᠪᠣᠳᠤᠬᠤ︾ ᠣᠶᠤᠨᠴᠢ ᠪᠣᠳᠣᠯᠲᠠ ᠶᠢᠨ ᠠᠵᠤ ᠦᠢᠯᠡᠰ ᠤᠨ ᠬᠦᠷᠢᠶᠡᠯᠡᠩ ᠵᠡᠷᠭᠡ | ᠵᠢᠱᠢᠶ᠎ᠡ ᠦᠵᠡᠭᠦᠯᠬᠦ ᠴᠢᠨᠠᠷᠲᠠᠢ ᠲᠥᠷᠥᠯ ᠵᠦᠢᠯ ᠢ ᠠᠮᠵᠢᠯᠲᠠ ᠲᠠᠢ ᠪᠠᠷ ᠪᠣᠳᠠᠲᠠᠶᠢᠵᠢᠭᠤᠯᠤᠨ᠂ ᠴᠢᠳᠠᠪᠤᠷᠢᠲᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠭᠤᠷᠴᠤᠭ ᠬᠠᠷᠢᠶ᠎ᠠ ᠭᠠᠵᠠᠷ ᠢ ᠪᠠᠶᠢᠭᠤᠯᠵᠤ᠂ | ᠪᠡᠭᠡᠵᠢᠩ ᠤᠨ ᠳᠡᠭᠡᠳᠦ ᠲᠠᠰ ᠤᠨ ᠴᠢᠳᠠᠪᠤᠷᠢᠲᠠᠨ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠥᠷᠥᠯ ᠵᠦᠢᠯ ᠢ ᠲᠡᠳᠡᠨ ᠠᠪᠴᠢᠷᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ | ᠵᠡᠷᠭᠡ ᠪᠡᠭᠡᠵᠢᠩ ᠳᠠᠬᠢ ᠰᠢᠨ᠎ᠡ ᠶᠢ ᠡᠭᠦᠳᠬᠦ ᠭᠤᠣᠯ ᠴᠣᠭᠴᠠ ᠯᠤᠭ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ | ᠨᠡᠶᠢᠲᠡ 50 ᠭᠠᠷᠤᠢ ᠪᠣᠯᠵᠤ᠂ ᠣᠷᠣᠨ ᠤ ᠭᠠᠳᠠᠨᠠᠬᠢ ᠨᠠᠷᠠᠲᠠᠢ 131 ᠶᠡᠭᠡ ᠳᠡᠭᠡᠳᠦ ᠰᠤᠷᠭᠠᠭᠤᠯᠢ ᠵᠢᠴᠢ ᠡᠷᠳᠡᠮ | ᠰᠢᠨᠵᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠬᠥᠲᠥᠴᠢ ᠠᠵᠤ | ᠠᠬᠤᠶᠢᠯᠠᠯ ᠤᠨ ᠭᠠᠳᠠᠭᠠᠳᠤ ᠳᠠᠬᠢ ᠰᠤᠳᠤᠯᠤᠨ ᠨᠡᠭᠡᠭᠡᠬᠦ ᠲᠥᠪ 15 ᠪᠣᠯᠲᠠᠯ᠎ᠠ ᠨᠡᠮᠡᠭᠳᠡᠪᠡ᠃ 2024 ᠣᠨ ᠠᠴᠠ | ᠨᠠᠭᠠᠰᠢ᠂ ᠪᠡᠭᠡᠵᠢᠩ ᠲᠢᠶᠠᠨᠵᠢᠨ ᠾᠧᠪᠧᠢ ᠠᠴᠠ ᠭᠤᠣᠯᠳᠠᠯᠭ᠎ᠠ ᠪᠣᠯᠬᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ | 68 ᠣᠷᠣᠭᠤᠯᠤᠨ ᠠᠪᠴᠢᠷᠠᠵᠤ᠂ ᠪᠡᠯᠡ ᠣᠷᠣᠭᠤᠯᠤᠭᠰᠠᠨ ᠬᠡᠮᠵᠢᠶ᠎ᠡ ᠨᠢ 1229 ᠳ᠋ᠦᠩᠰᠢᠭᠤᠷ ᠲᠥᠭᠦᠷᠢᠭ ᠲᠤ | ᠬᠦᠷᠪᠡ᠃ ᠭᠤᠷᠪᠠ ᠳᠤ ᠭᠠᠳᠠᠭᠠᠳᠤ ᠨᠡᠭᠡᠭᠡᠯᠲᠡ ᠬᠢᠬᠦ ᠠᠮᠢᠵᠢᠷᠠᠯ ᠤᠨ ᠬᠦᠴᠦᠨ ᠢ ᠶᠡᠭᠡ ᠪᠠᠷ ᠬᠥᠭᠵᠢᠭᠡᠪᠡ᠃ 2024 | ᠣᠨ ᠳᠤ᠂ TIR ᠣᠯᠠᠨ ᠤᠯᠤᠰ ᠤᠨ ᠠᠴᠢᠶᠠᠨ ᠤ ᠮᠠᠰᠢᠨ ᠲᠡᠷᠭᠡ ᠶᠢᠨ ᠵᠢᠰᠢᠶᠠᠨ ᠤ ᠭᠠᠯᠲᠤ ᠲᠡᠷᠭᠡ ᠪᠠ ᠪᠥᠬᠦ | ᠣᠷᠣᠨ ᠤ JSQ ᠲᠠᠸᠠᠷ ᠤᠨ ᠮᠠᠰᠢᠨ ᠲᠡᠷᠭᠡ ᠶᠢᠨ ᠵᠢᠰᠢᠶᠠᠨ ᠤ ᠭᠠᠯᠲᠤ ᠲᠡᠷᠭᠡ ᠶᠢ ᠠᠩᠬ᠎ᠠ ᠤᠳᠠᠭ᠎ᠠ | ᠨᠠᠪᠲᠠᠷᠡᠭᠦᠯᠵᠦ᠂ ᠳᠤᠮᠳᠠᠳᠤ ᠡᠸᠦ᠋ᠷᠦᠫᠡ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 120 ᠤᠳᠠᠭ᠎ᠠ | ᠵᠥᠭᠡᠭᠡᠪᠦᠷᠢᠯᠡᠨ ᠶᠠᠪᠤᠭᠤᠯᠵᠤ᠂ ᠠᠳᠠᠯᠢ ᠬᠤᠭᠤᠴᠠᠭᠠᠨ ᠤ ᠬᠢ ᠠᠴᠠ 140% ᠪᠠᠷ ᠨᠡᠮᠡᠭᠳᠡᠪᠡ︔ ︽ᠬᠥᠬᠡᠬᠤᠲᠠ - | ᠮᠣᠰᠺᠸᠠ︾ ᠬᠦᠷᠬᠦ ᠪᠠᠷᠠᠭᠠᠨ ᠤ ᠲᠡᠭᠡᠭᠡᠪᠦᠷᠢ ᠶᠢᠨ ᠠᠭᠠᠷ ᠠᠶᠠᠯᠠᠯ ᠤᠨ ᠱᠤᠭᠤᠮ ᠢ ᠨᠠᠪᠲᠠᠷᠡᠭᠦᠯᠵᠦ᠂ ᠴᠠᠭᠠᠨ ᠰᠤᠪᠤᠷᠭ᠎ᠠ | ᠠᠭᠠᠷ ᠠᠶᠠᠯᠠᠯ ᠤᠨ ᠬᠢᠯᠢ ᠶᠢᠨ ᠪᠣᠭᠤᠮᠲᠠ ᠪᠠᠷ ᠣᠷᠤᠭᠤᠯᠬᠤ ᠰᠢᠨ᠎ᠡ ᠰᠣᠷᠭᠤᠭ ᠤᠰᠤᠨ ᠭᠠᠷᠤᠯᠲᠠ ᠶᠢᠨ ᠵᠢᠭᠠᠨ | ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠠᠶ ᠶᠢ ᠠᠰᠢᠭᠯᠠᠯᠲᠠ ᠳᠤ ᠣᠷᠣᠭᠤᠯᠪᠠ︔ ᠠᠯᠠᠭ ᠠᠭᠤᠯᠠ ᠶᠢᠨ ᠠᠮᠠ᠂ | ᠬᠤᠷᠭᠤᠰ ᠬᠠᠭᠤᠷᠠᠢ ᠵᠠᠮ ᠤᠨ ᠬᠢᠯᠢ ᠶᠢᠨ ᠪᠣᠭᠤᠮᠲᠠ ᠯᠤᠭ᠎ᠠ ᠶᠢᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ | ᠪᠥᠬᠦ ᠬᠤᠲᠠ ᠶᠢᠨ ᠪᠠᠷᠠᠭᠠᠨ ᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 220 ᠳ᠋ᠦᠩᠰᠢᠭᠤᠷ ᠲᠥᠭᠦᠷᠢᠭ ᠢ ᠳᠠᠪᠠᠪᠠ᠃ ︵ᠬᠥᠬᠡᠬᠤᠲᠠ ᠶᠢᠨ ᠵᠠᠰᠠᠭ ᠤᠨ | ᠣᠷᠳᠣᠨ︶ | |