︵ᠰᠤᠷᠪᠤᠯᠵᠢᠯᠠᠭᠴᠢ ᠶᠦᠨ ᠶᠠᠨ ᠹᠠᠩ︶ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠶᠢᠨ ᠲᠥᠯᠥᠭᠡ᠂ ᠲᠦᠷᠦᠭᠦᠬᠡᠨ᠂ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ︵ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ | ᠲᠣᠪᠴᠢᠶ᠎ᠠ︶ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ | ᠪᠣᠳᠣᠯᠭ᠎ᠠ ᠶᠢᠨ ᠲᠠᠶᠢᠯᠤᠮᠵᠢ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠵᠦᠩ ᠬᠤᠸᠠᠨ ᠬᠠᠭᠠᠰ ᠳᠠᠮᠵᠢᠭᠤᠯᠤᠭᠴᠢ᠂ ᠰᠢᠦᠢ ᠶᠠᠩ ᠵᠦᠩ ᠷᠠᠨ᠂ ᠺᠧ ᠳ᠋ᠠ ᠰᠢᠶᠦ᠋ᠨ ᠹᠧᠢ᠂ | ᠰᠢᠨᠬᠤᠸᠠ ᠭᠤᠷᠪᠠᠳᠤᠭᠠᠷ ᠥᠪᠥᠷ ᠮᠣᠩᠭᠤᠯ ᠤᠨ ᠺᠣᠮᠫᠠᠨᠢ᠂ ᠵᠦᠩ ᠺᠧ ᠬᠡᠳᠦ ᠪᠣᠳᠣᠯᠭ᠎ᠠ᠂ ᠶᠢᠨ ᠢᠦᠢ ᠠᠮᠢᠳᠤ ᠪᠣᠳᠠᠰ᠂ | ᠶᠢᠨ ᠳ᠋ᠠ ᠸᠧᠢ᠂ ᠪᠢ ᠸᠧᠢ ᠠᠨ ᠲᠠᠢ᠂ ᠢ ᠳ᠋ᠥᠸᠧ ᠯᠢ᠂ ᠲᠠᠯ᠎ᠠ ᠨᠤᠲᠤᠭ ᠤᠨ ᠤᠯᠠᠭᠠᠨ ᠨᠠᠷᠠ᠂ ᠬᠠᠢ ᠫᠧᠩ ᠵᠡᠷᠭᠡ | ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠤᠷᠢᠯᠭ᠎ᠠ ᠪᠠᠷ ᠶᠠᠷᠢᠯᠴᠠᠬᠤ | ᠬᠤᠷᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ︽ᠲᠦᠷᠦᠯ ᠵᠦᠢᠯ ᠤᠨ ᠲᠥᠯᠦᠪᠵᠢᠭᠦᠯᠭᠡ ᠶᠢ ᠭᠦᠨᠵᠡᠭᠡᠢ ᠪᠣᠳᠠᠲᠠᠢ ᠬᠢᠵᠦ᠂ ᠠᠵᠤ | ᠠᠬᠤᠶᠢᠯᠠᠯ ᠢ ᠣᠨᠣᠴᠢᠲᠠᠢ ᠰᠡᠪᠡᠷᠡᠭᠦᠯᠦᠨ ᠲᠤᠰᠠᠯᠠᠬᠤ︾ ᠪᠣᠯ ᠣᠳᠣᠬᠠᠨ ᠤ ᠬᠥᠬᠡᠬᠤᠲᠠ ᠶᠢᠨ ᠴᠢᠬᠤᠯᠠ ᠶᠡᠭᠡ | ᠲᠦᠷᠦᠯ ᠵᠦᠢᠯ ᠢ ᠤᠬᠠᠭᠠᠯᠠᠨ ᠲᠥᠯᠥᠪᠵᠢᠭᠦᠯᠬᠦ ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢᠨ ᠲᠣᠭᠤᠷᠢᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠬᠦᠴᠦᠯᠡᠬᠦ ᠴᠡᠭ ᠪᠣᠯᠣᠨ᠎ᠠ᠃ ︽ᠬᠤᠶᠠᠷ ᠴᠢᠬᠤᠯᠠ ᠬᠤᠶᠠᠷ ᠰᠢᠨ᠎ᠡ︾ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠨᠥᠬᠦᠴᠡᠯ᠂ ᠶᠠᠪᠤᠴᠠ᠂ ᠳᠡᠮᠵᠢᠬᠦ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠲᠣᠭᠤᠷᠢᠨ ᠳᠤ᠂ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠠᠴᠠ ᠲᠤᠬᠠᠢ ᠶᠢᠨ ᠲᠠᠯᠠᠪᠤᠷ ᠤᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ | ︽ᠬᠤᠶᠠᠷ ᠴᠢᠬᠤᠯᠠ ᠬᠤᠶᠠᠷ ᠰᠢᠨ᠎ᠡ︾ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ᠣᠷᠣᠯᠴᠠᠭᠤᠯᠵᠤ᠂ | ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠬᠠᠪᠰᠤᠷᠤᠨ ᠵᠢᠯᠤᠭᠤᠳᠴᠤ᠂ | ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠨᠠᠩ ᠰᠠᠶᠢᠲᠤᠷ ᠣᠶᠢᠯᠠᠭᠠᠨ ᠡᠵᠡᠮᠰᠢᠵᠦ᠂ ᠲᠤᠯᠭᠠᠭᠤᠷᠢᠯᠠᠬᠤ ᠴᠢᠬᠤᠯᠠ | ᠨᠥᠬᠦᠴᠡᠯ ᠢ ᠡᠮᠬᠢᠯᠡᠨ ᠳᠢᠭᠯᠡᠵᠦ᠂ ᠠᠵᠤ ᠠᠬᠤᠶᠢᠯᠠᠯ ᠤᠨ ᠴᠢᠬᠤᠯᠠ ᠪᠦᠬᠦᠢ ᠦᠢᠯᠡᠳᠪᠦᠷᠢᠯᠡᠯ ᠤᠨ | ᠲᠥᠬᠦᠭᠡᠷᠦᠮᠵᠢ ᠶᠢᠨ ᠰᠢᠨᠡᠴᠢᠯᠡᠯᠲᠡ ᠪᠠ ᠲᠣᠭᠠᠴᠢᠯᠠᠭᠰᠠᠨ ᠬᠡᠯᠪᠡᠷᠢ ᠪᠠᠷ ᠬᠤᠪᠢᠷᠠᠭᠤᠯᠬᠤ ᠬᠤᠷᠳᠤᠴᠠ ᠶᠢ | ᠲᠦᠷᠭᠡᠳᠬᠡᠬᠦ ᠶᠢ ᠠᠬᠢᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ︽ᠬᠥᠬᠡᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠳᠤ ᠤᠯᠠᠮ ᠨᠢᠭᠡ ᠠᠯᠬᠤᠮ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠤ | ᠠᠬᠤᠶᠢᠯᠠᠯ ᠤᠨ ᠡᠵᠡᠩᠨᠡᠯᠲᠡ ᠬᠥᠭᠵᠢᠯᠲᠡ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ᠂ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠵᠡᠷᠭᠡ ᠶᠢᠨ ᠲᠣᠭᠤᠷᠢᠨ ᠳᠤ ᠦᠨᠡᠨᠴᠢ ᠪᠠᠷ | ᠰᠣᠯᠢᠯᠴᠠᠵᠤ᠂ ᠢᠯᠠᠩᠭᠤᠶ᠎ᠠ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ᠂ ᠴᠢᠳᠠᠪᠤᠷᠢᠲᠠᠨ ᠬᠥᠮᠥᠵᠢᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠲᠠᠪᠴᠠᠩ | ᠪᠠᠶᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ ᠤᠨ ᠬᠢᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠨᠠᠩ ᠣᠯᠠᠨ ᠳᠡᠮᠵᠢᠯᠭᠡ ᠪᠠ | ᠬᠠᠪᠰᠤᠷᠤᠯᠭ᠎ᠠ ᠦᠵᠡᠭᠦᠯᠬᠦ ᠶᠢ ᠬᠦᠰᠡᠵᠡᠢ᠃ ᠲᠣᠰ ᠤᠳᠠᠭᠠᠨ ᠤ ᠶᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠵᠠᠰᠠᠭ | ᠠᠵᠤ ᠠᠬᠤᠶᠢᠯᠠᠯ ᠤᠨ ᠨᠡᠪᠲᠡᠷᠡᠯᠴᠡᠬᠦ ᠬᠥᠭᠦᠷᠭᠡ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠤ ᠠᠬᠤᠶᠢᠯᠠᠯ ᠢ | ᠲᠤᠰᠠᠯᠠᠬᠤ ᠦᠢᠯᠡᠴᠢᠯᠡᠭᠡᠨ ᠤ ᠰᠢᠨ᠎ᠡ ᠰᠡᠳᠬᠢᠮᠵᠢ ᠶᠢ ᠥᠷᠭᠡᠳᠬᠡᠪᠡ᠃ |