ᠬᠤᠲᠣᠩ ᠠᠷᠠᠳ ᠤᠨ ᠲᠣᠭᠤᠷᠢᠭ᠄ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠢ ᠴᠡᠴᠡᠭᠯᠡᠨ ᠬᠥᠭᠵᠢᠭᠡᠵᠦ᠂ ᠡᠪᠦᠯ ᠬᠠᠪᠤᠷ ᠤᠨ ᠢᠳᠡᠰᠢᠨ ᠨᠣᠭᠤᠭ᠎ᠠ ᠶᠢᠨ ︽ᠣᠶᠤᠨᠴᠢ ᠥᠰᠦᠯᠲᠡ︾ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/28
   ᠣᠳᠣᠬᠠᠨ ᠳᠤ ᠬᠡᠳᠦᠶᠢᠪᠡᠷ ᠬᠠᠪᠤᠷ ᠤᠨ ᠡᠬᠢᠨ ᠤ ᠤᠯᠠᠷᠢᠯ ᠪᠣᠯᠵᠤ ᠪᠠᠶᠢᠭ᠎ᠠ ᠪᠣᠯᠪᠠᠴᠤ᠂ ᠬᠤᠲᠣᠩ ᠠᠷᠠᠳ ᠤᠨ ᠲᠣᠭᠤᠷᠢᠭ ᠤᠨ ᠡᠯ᠎ᠡ ᠪᠡᠯᠡᠳᠬᠡᠮᠵᠢ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠪᠤᠷ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠨᠢᠭᠡᠨᠲᠡ ᠡᠬᠢᠯᠡᠵᠦ᠂ ᠬᠦᠯᠡᠮᠵᠢ ᠳᠤ ᠨᠣᠭᠤᠭᠠᠨ ᠥᠩᠭᠡ ᠪᠢᠯᠬᠠᠵᠤ᠂ ᠲᠥᠪᠡᠳ ᠬᠠᠰᠢ᠂ ᠥᠷᠭᠡᠰᠦᠲᠦ ᠬᠡᠮᠬᠡ᠂ ᠭᠦᠵᠡᠯᠵᠡᠭᠡᠨ᠎ᠡ ᠵᠡᠷᠭᠡ ᠨᠢ ᠴᠢᠬᠢᠯᠡᠵᠦ᠂ ᠵᠠᠷᠢᠮ ᠨᠢ ᠴᠡᠴᠡᠭ ᠳᠡᠯᠭᠡᠷᠡᠵᠦ᠂ ᠵᠠᠷᠢᠮ ᠨᠢ ᠵᠢᠮᠢᠰᠯᠡᠵᠦ᠂ ᠬᠦᠯᠡᠮᠵᠢ ᠨᠦᠭᠦᠳ ᠲᠤ᠂ ᠬᠦᠷ ᠬᠦᠭᠵᠢᠶᠡᠨ ᠲᠠᠢ ᠲᠠᠷᠢᠶᠠᠯᠠᠩ ᠤᠨ ᠶᠠᠪᠤᠳᠠᠯ ᠨᠢ ᠬᠠᠪᠤᠷ ᠤᠨ ᠡᠬᠢᠨ ᠤ ᠬᠥᠳᠡᠭᠡ ᠲᠣᠰᠬᠤᠨ ᠢ ᠬᠦᠷ ᠬᠥᠭᠵᠢᠶᠡᠨ ᠲᠠᠢ ᠪᠣᠯᠭᠠᠭᠰᠠᠨ ᠪᠠᠶᠢᠨ᠎ᠠ᠃
   ᠣᠳᠣᠬᠠᠨ ᠳᠤ᠂ ᠬᠦᠯᠡᠮᠵᠢ ᠶᠢᠨ ᠡᠪᠦᠯ ᠬᠠᠪᠤᠷ ᠤᠨ ᠤᠯᠠᠷᠢᠯ ᠤᠨ ᠢᠳᠡᠰᠢᠨ ᠨᠣᠭᠤᠭ᠎ᠠ ᠶᠢᠨ ᠣᠯᠠᠩᠬᠢ ᠨᠢ ᠰᠢᠮ᠎ᠡ ᠲᠡᠵᠢᠭᠡᠯ ᠤᠨ ᠤᠷᠭᠤᠯᠲᠠ ᠶᠢᠨ ᠬᠤᠭᠤᠴᠠᠭᠠᠨ ᠳᠤ ᠣᠷᠣᠰᠢᠵᠤ᠂ ᠬᠠᠪᠤᠷ ᠤᠨ ᠤᠯᠠᠷᠢᠯ ᠳᠤ ᠢᠳᠡᠰᠢᠨ ᠨᠣᠭᠤᠭ᠎ᠠ ᠡᠷᠲᠡ ᠳᠠᠷᠢᠵᠤ ᠪᠣᠶᠢᠵᠢᠭᠤᠯᠬᠤ ᠶᠢ ᠨᠢᠭᠡᠨᠲᠡ ᠵᠠᠯᠭᠠᠭ᠎ᠠ ᠪᠠᠷ ᠲᠣᠭᠲᠠᠭᠠᠵᠤ᠂ ᠳᠤᠯᠠᠭᠠᠨ ᠤ ᠬᠡᠮᠵᠢᠶ᠎ᠡ ᠪᠠ ᠭᠡᠷᠡᠯ ᠤᠨ ᠲᠤᠰᠤᠯᠲᠠ ᠶᠢᠨ ᠱᠠᠭᠠᠷᠳᠠᠯᠭ᠎ᠠ ᠨᠢ ᠴᠥᠮ ᠨᠡᠯᠢᠶᠡᠳ ᠥᠨᠳᠥᠷ ᠪᠣᠯᠬᠤᠷ ᠬᠦᠯᠡᠮᠵᠢ ᠳᠤ ᠲᠠᠷᠢᠶᠠᠯᠠᠩ ᠤᠨ ᠮᠡᠷᠭᠡᠵᠢᠯᠲᠡᠳ ᠤᠨ ︽ᠨᠠᠷᠢᠨ ᠨᠢᠮᠪᠠᠢ ᠬᠠᠷᠠᠭᠠᠯᠵᠠᠬᠤ︾ ᠨᠡᠩ  ᠢᠯᠡᠭᠦᠦ ᠱᠠᠭᠠᠷᠳᠠᠭᠳᠠᠵᠤ ᠪᠠᠶᠢᠨ᠎ᠠ᠃
    ᠶᠤᠮ ᠤᠨ ᠪᠠᠶᠢᠰᠢᠩ ᠪᠠᠯᠭᠠᠰᠤᠨ ᠤ ᠳ᠋ᠦᠩ ᠫᠧᠩ ᠽᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠣᠶᠤᠨᠲᠤ ᠬᠦᠯᠡᠮᠵᠢ ᠶᠢ ᠡᠵᠡᠮᠳᠡᠬᠦ ᠰᠢᠰᠲ᠋ᠧᠮ ᠢ ᠬᠡᠷᠡᠭᠯᠡᠵᠦ᠂ ᠬᠦᠯᠡᠮᠵᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠭᠡᠷᠡᠯ ᠤᠨ ᠲᠤᠰᠤᠯᠲᠠ᠂ ᠤᠰᠤ ᠪᠣᠷᠳᠣᠭᠤᠷ ᠢ ᠨᠠᠷᠢᠯᠢᠭᠵᠢᠭᠤᠯᠤᠨ ᠲᠣᠬᠢᠷᠠᠭᠤᠯᠤᠨ ᠡᠵᠡᠮᠳᠡᠵᠦ᠂ ᠪᠣᠷᠳᠣᠭᠤᠷ ᠠᠷᠪᠢᠯᠠᠬᠤ ᠮᠥᠷᠲᠡᠭᠡᠨ ᠪᠠᠰᠠ ᠬᠥᠮᠥᠨ ᠤ ᠬᠦᠴᠦᠨ ᠤ ᠥᠪᠡᠷ ᠤᠨ ᠦᠷᠳᠡᠭ ᠪᠠ ᠴᠠᠭ ᠢ ᠠᠷᠪᠢᠯᠠᠵᠤ᠂ ᠬᠠᠮᠢᠶᠠᠷᠤᠯᠲᠠ ᠶᠢᠨ ᠠᠵᠢᠯᠲᠠᠨ ᠤ ᠥᠨᠳᠥᠷ ᠪᠦᠲᠦᠮᠵᠢᠲᠡᠢ ᠬᠦᠯᠡᠮᠵᠢ ᠶᠢᠨ ᠬᠠᠮᠢᠶᠠᠷᠤᠯᠲᠠ ᠶᠢ ᠥᠷᠨᠢᠭᠦᠯᠬᠦ ᠳᠤ ᠠᠰᠢᠭᠲᠠᠢ ᠶᠤᠮ᠃
   ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠠᠭᠤᠷ ᠠᠮᠢᠰᠬᠤᠯ ᠭᠡᠨᠡᠳᠲᠡ ᠳᠤᠯᠠᠭᠠᠷᠠᠬᠤ ᠮᠥᠷᠲᠡᠭᠡᠨ ᠶᠠᠭ ᠬᠦᠯᠡᠮᠵᠢ ᠶᠢᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠪᠠᠰᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠠᠶᠢᠨ ᠴᠠᠭ ᠬᠤᠭᠤᠴᠠᠭ᠎ᠠ ᠪᠣᠯᠣᠨ᠎ᠠ᠃ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ  ᠠᠰᠢᠭᠯᠠᠯᠲᠠ ᠶᠢᠨ ᠲᠣᠪᠴᠢᠶ᠎ᠠ ᠶᠢᠨ ᠮᠡᠷᠭᠡᠵᠢᠯᠲᠡᠨ ᠲᠠᠷᠢᠶᠠᠨ ᠭᠠᠵᠠᠷ ᠲᠤ ᠭᠦᠨᠵᠡᠭᠡᠶᠢᠷᠡᠨ᠂ ᠠᠰᠢᠭᠲᠠᠢ ᠴᠠᠭ ᠲᠣᠬᠢᠶᠠᠯ ᠢ ᠵᠠᠪᠳᠤᠨ᠂ ᠪᠡᠯᠡᠳᠭᠡᠮᠵᠢᠳᠦ ᠲᠠᠷᠢᠶᠠᠯᠠᠩ ᠤᠨ ᠲᠠᠷᠢᠶᠠᠨ ᠭᠠᠵᠠᠷ ᠤᠨ ᠬᠠᠮᠢᠶᠠᠷᠤᠯᠲᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠭᠰᠠᠨ ᠪᠠᠶᠢᠨ᠎ᠠ᠃
   ᠢᠦᠢ ᠱᠧᠩ ᠯᠧ ᠬᠦ ᠹᠧᠩ ᠲᠣᠭᠠᠨ ᠤ ᠤᠬᠠᠭᠠᠨᠲᠤ ᠤᠷᠭᠤᠮᠠᠯ ᠤᠨ ᠦᠢᠯᠡᠳᠪᠦᠷᠢ ᠶᠢᠨ ᠳᠣᠲᠣᠷ᠎ᠠ ᠨᠢᠭᠡ ᠮᠥᠷ︽H︾ ᠬᠡᠯᠪᠡᠷᠢ ᠶᠢᠨ ᠲᠠᠷᠢᠮᠠᠯ ᠤᠨ ᠵᠢᠶᠠᠰᠠ ᠳᠡᠭᠡᠷᠡᠬᠢ ᠭᠦᠵᠡᠯᠵᠡᠭᠡᠨ᠎ᠡ ᠶᠢᠨ ᠤᠷᠭᠤᠴᠠ ᠨᠢ ᠬᠦᠮᠦᠰ ᠢ ᠪᠠᠶᠠᠰᠬᠠᠨ᠎ᠠ᠃ ᠠᠳᠡ ︽ᠪᠦᠷᠢᠨ ᠨᠢᠭᠲᠠ ᠪᠢᠲᠡᠭᠦᠮᠵᠢᠯᠡᠭᠰᠡᠨ ᠮᠠᠶ᠋ᠢᠭ ᠤᠨ ᠳᠡᠭᠡᠳᠦ ᠨᠡᠷᠢᠪᠴᠢᠯᠠᠯᠲᠤ ᠲᠣᠭᠠᠨ ᠤ ᠣᠶᠤᠨᠴᠢᠯᠠᠭᠰᠠᠨ ᠴᠠᠭᠠᠷᠢᠭ  ᠡᠵᠡᠮᠳᠡᠯ︾ ᠤᠨ ᠲᠠᠷᠢᠮᠠᠯ ᠤᠨ ᠵᠠᠭᠪᠤᠷ ᠢ ᠬᠡᠷᠡᠭᠯᠡᠵᠦ᠂ ᠲᠣᠮᠣ ᠳ᠋ᠠᠶᠢᠲ᠋ᠠ ᠪᠠ ᠵᠣᠬᠢᠶᠠᠮᠠᠯ ᠣᠶᠤᠨᠴᠢ ᠮᠡᠷᠭᠡᠵᠢᠯ ᠢᠶᠠᠷ ᠳᠠᠮᠵᠢᠭᠤᠯᠤᠨ᠂ ᠳᠤᠯᠠᠭᠠᠨ ᠤ ᠬᠡᠮᠵᠢᠶ᠎ᠡ᠂ ᠴᠢᠭᠢᠭᠲᠦᠴᠡ᠂ ᠬᠡᠷᠡᠯ ᠤᠨ ᠲᠤᠰᠤᠯᠲᠠ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠨ᠎ᠡ᠃ ᠳᠠᠷᠢᠬᠤ ᠶᠢ ︽ᠣᠯᠠᠨ ᠤᠲᠠᠰᠤᠯᠤᠯ ᠪᠣᠯᠭᠠᠨ ᠬᠤᠪᠢᠷᠠᠭᠤᠯᠵᠤ᠂ ᠬᠠᠪᠲᠠᠭᠠᠢ ᠴᠣᠭᠴᠠᠲᠤ ᠬᠤᠪᠢᠷᠠᠯᠲᠠ᠂ ᠳᠣᠣᠷ᠎ᠠ ᠠᠰᠢᠭᠯᠠᠮᠵᠢ ᠨᠢ ᠥᠨᠳᠥᠷ ᠦᠷ᠎ᠡ ᠪᠦᠲᠦᠮᠵᠢᠲᠡᠶ ᠪᠣᠯᠬᠤ︾ ᠣᠳᠣᠬᠢᠴᠢᠯᠠᠭᠰᠠᠨ ᠦᠢᠯᠡᠳᠪᠦᠷᠢᠯᠡᠯ ᠤᠨ ᠵᠠᠭᠪᠤᠷ ᠳᠠᠰᠢ ᠬᠤᠪᠢᠷᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃    ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠠᠪᠤᠴᠠ ᠳᠤ᠂ ᠬᠤᠲᠣᠩ ᠠᠷᠠᠳ ᠤᠨ ᠲᠣᠭᠤᠷᠢᠭ ᠤᠨ ᠬᠢᠨ ᠠᠮᠢ ᠠᠬᠤᠢ ᠶᠢᠨ ᠰᠡᠯᠡᠭᠦᠴᠡᠯ᠂ ᠵᠤᠭᠠᠴᠠᠨ ᠲᠣᠭᠤᠷᠢᠬᠤ᠂ ᠰᠣᠶᠣᠯ ᠰᠤᠷᠭᠠᠨ ᠬᠥᠮᠦᠵᠢᠯ ᠤᠨ ᠦᠷᠳᠡᠭ ᠢ ᠬᠦᠴᠦᠯᠡᠨ ᠠᠭᠤᠳᠠᠯᠵᠤ᠂ ᠨᠡᠩ ᠤᠯᠠᠨ ᠴᠢᠨᠠᠷ ᠰᠠᠶᠢᠲᠠᠢ ︽ᠰᠢᠨ᠎ᠡ ᠶᠢ ᠡᠭᠦᠳᠬᠦ ᠬᠦᠴᠦᠨ ᠵᠦᠢᠯ︾ ᠢ ᠲᠥᠪᠯᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠲᠣᠨᠣᠭᠯᠠᠯ᠂ ᠰᠢᠨ᠎ᠡ ᠵᠠᠭᠪᠤᠷ ᠢᠶᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠤᠨ ᠬᠥᠭᠵᠢᠯᠲᠡ ᠳᠤ ︽ᠰᠢᠨ᠎ᠡ ᠠᠭᠤᠯᠤᠭᠳᠠᠴᠠ︾ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号