2 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠢᠨ ᠨᠤᠷᠠᠭᠠᠯᠲᠠ ᠴᠢᠨᠠᠷᠲᠠᠢ ᠮᠡᠷᠭᠡᠵᠢᠯ ᠤᠨ | ᠬᠡᠷᠡᠭᠯᠡᠯᠲᠡ ᠶᠢᠨ ᠠᠬᠤᠢ ᠪᠠᠶᠢᠳᠠᠯ ᠢ ᠪᠠᠶᠢᠭᠤᠯᠬᠤ ᠲᠠᠯ᠎ᠠ ᠪᠠᠷ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ | ᠣᠳᠣᠬᠠᠨ ᠳᠤ᠂ ᠬᠥᠬᠡᠬᠤᠲᠠ ᠶᠢᠨ ᠬᠢᠨ ᠤ ᠣᠨᠣᠴᠠᠲᠠᠢ ᠵᠣᠯᠭᠠᠭᠤᠯᠤᠭᠰᠠᠨ ᠨᠤᠷᠠᠭᠠᠯᠲᠠ ᠴᠢᠨᠠᠷᠲᠠᠢ ᠮᠡᠷᠭᠡᠵᠢᠯ ᠤᠨ | ᠲᠦᠷᠦᠯ ᠵᠦᠢᠯ 22 ᠪᠣᠯᠤᠭᠰᠠᠨ ᠪᠥᠭᠡᠳ 2 ᠳ᠋ᠦᠩᠰᠢᠭᠤᠷ ᠲᠥᠭᠦᠷᠢᠭ ᠤᠨ ᠬᠡᠪᠴᠢᠶᠡᠵᠢᠯ ᠲᠠᠢ ᠬᠥᠬᠡᠬᠤᠲᠠ ᠶᠢᠨ | ᠨᠤᠷᠠᠭᠠᠯᠲᠠ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ ᠮᠥᠩᠭᠦ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠢᠶᠠᠷ ᠨᠤᠷᠠᠭᠠᠯᠲᠠ ᠴᠢᠨᠠᠷᠲᠠᠢ ᠮᠡᠷᠭᠡᠵᠢᠯ ᠢ ᠤᠯᠠᠷᠢᠭᠤᠯᠬᠤ ᠪᠠ ᠪᠣᠳᠠᠲᠠᠶᠢᠵᠢᠭᠤᠯᠬᠤ ᠶᠢ ᠠᠬᠢᠭᠤᠯᠵᠠᠢ᠃ | ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠬᠢ ᠬᠠᠮᠲᠤᠷᠠᠯᠴᠠᠭ᠎ᠠ ᠶᠢ ᠲᠣᠭᠲᠠᠭᠤᠨ ᠢᠶᠠᠷ ᠠᠬᠢᠭᠤᠯᠵᠤ᠂ ᠲᠣᠮᠣ ᠬᠡᠪᠴᠢᠶᠡᠨ ᠤ ᠰᠤᠳᠤᠯᠭᠠᠨ ᠤ ᠬᠦᠷᠢᠶᠡᠯᠡᠩ ᠪᠠ | ᠭᠠᠵᠠᠷ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠦᠭᠰᠡᠨ ᠢᠶᠠᠷ ᠦᠯᠦ ᠪᠠᠷᠠᠨ᠂ ︽ᠤᠯᠤᠰ ᠤᠨ | ᠨᠡᠷᠡᠮᠵᠢ ᠲᠡᠮᠳᠡᠭᠲᠦ︾ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠵᠢᠯᠴᠠᠨ ᠠᠵᠢᠯᠯᠠᠵᠤ | ᠬᠠᠮᠲᠤ ᠪᠠᠷ ᠠᠰᠢᠭ ᠬᠦᠷᠲᠡᠵᠡᠢ᠃ ᠬᠥᠬᠡᠬᠤᠲᠠ ᠰᠤᠳᠤᠯᠭᠠᠨ ᠤ ᠲᠥᠪ 2024 ᠣᠨ ᠤ 6 ᠳ᠋ᠤᠭᠠᠷ ᠰᠠᠷ᠎ᠠ ᠶᠢᠨ | 22 ᠤᠨ ᠡᠳᠦᠷ ᠪᠠᠶᠢᠭᠤᠯᠤᠭᠳᠠᠭᠰᠠᠨ ᠠᠴᠠ ᠨᠠᠭᠠᠰᠢ᠂ ︽ᠨᠢᠭᠡ ᠲᠠᠪᠴᠠᠩ ︵ᠨᠤᠷᠠᠭᠠᠯᠲᠠ ᠴᠢᠨᠠᠷᠲᠠᠢ ᠮᠡᠷᠭᠡᠵᠢᠯ ᠪᠠ | ᠬᠤᠰᠢᠭᠤᠷᠠᠯ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ︶᠂ ᠨᠢᠭᠡ ᠬᠦᠢᠰᠦ ︵ᠳᠡᠭᠡᠳᠦ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠦᠢᠰᠦ︶᠂ ᠨᠢᠭᠡ ᠰᠦᠯᠵᠢᠶ᠎ᠡ | ︵ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠰᠦᠯᠵᠢᠶ᠎ᠡ︶︾ ᠶᠢ ᠪᠠᠶᠢᠭᠤᠯᠬᠤ ᠪᠠᠷ ᠳᠠᠮᠵᠢᠭᠤᠯᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠥᠭᠵᠢᠯᠲᠡ ᠶᠢᠨ | ᠬᠤᠯᠪᠤᠭᠠᠯᠠᠨ ᠬᠥᠳᠡᠯᠦᠯᠴᠡᠬᠦ ᠲᠣᠭᠲᠠᠯᠴᠠᠭ᠎ᠠ ᠶᠢ ᠪᠦᠲᠦᠭᠡᠪᠡ᠃ | ᠪᠣᠳᠠᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ᠂ ᠲᠦᠮᠡᠳ ᠵᠡᠭᠦᠨ ᠬᠤᠰᠢᠭᠤ ᠨᠢ | ᠭᠤᠸᠠᠩᠵᠧᠦ ᠶᠢᠨ ᠵᠢᠩ ᡁᠢ ᠸᠧᠢ ᠯᠠᠢ ᠣᠶᠤᠨᠴᠢ ᠬᠢᠵᠠᠭᠠᠷᠲᠤ ᠺᠣᠮᠫᠠᠨᠢ ᠯᠤᠭ᠎ᠠ ᠨᠤᠷᠠᠭᠠᠯᠲᠠ ᠴᠢᠨᠠᠷᠲᠠᠢ ᠬᠡᠢ ᠪᠡᠶᠡᠲᠦ | ᠵᠠᠳᠠᠯᠬᠤ ᠮᠡᠷᠭᠡᠵᠢᠯ ᠪᠠ ᠬᠡᠷᠡᠭᠯᠡᠯᠲᠡ ᠶᠢᠨ ᠲᠥᠪ ᠤᠨ ᠲᠥᠷᠥᠯ ᠵᠦᠢᠯ ᠤᠨ ᠲᠠᠯ᠎ᠠ ᠪᠠᠷ ᠬᠠᠮᠲᠤᠷᠠᠯᠴᠠᠭᠠᠨ ᠤ | ᠬᠡᠯᠡᠯᠴᠡᠭᠡᠷ ᠲᠣᠭᠲᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ | ᠪᠠᠶᠢᠪᠠ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠨᠢ | ᠪᠡᠭᠡᠵᠢᠩ ᠤᠨ ᠰᠢᠶᠧ ᠲᠥᠩ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ | ᠯᠤᠭ᠎ᠠ ᠰᠦ ᠰᠠᠭᠠᠯᠢ ᠶᠢᠨ ᠦᠢᠯᠡᠰ ᠤᠨ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯ ᠲᠣᠨᠤᠭ ᠢ ᠤᠯᠤᠰ ᠤᠨ | ᠳᠣᠲᠣᠭᠠᠳᠤ ᠳᠤ ᠦᠢᠯᠡᠳᠪᠦᠷᠢᠯᠡᠬᠦ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠪᠡ︔ ᠤᠯᠤᠰ ᠤᠨ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ︵ᠪᠡᠯᠡᠳᠬᠡᠯ︶ ᠨᠢ ᠱᠠᠩᠬᠠᠢ ᠶᠢᠨ ᠭᠦᠢ ᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠨᠡᠶᠢᠯᠡᠮᠡᠯ ᠠᠮᠢᠳᠤ ᠪᠣᠳᠠᠰ ᠤᠨ ᠬᠤᠰᠢᠭᠤᠷᠠᠯ | ᠮᠡᠷᠭᠡᠵᠢᠯ ᠤᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ᠂ ᠲᠡᠵᠢᠭᠡᠯ ᠡᠪᠡᠰᠦᠨ ᠤ RNA ᠠᠮᠢᠳᠤ | ᠪᠣᠳᠠᠰ ᠤᠨ ᠲᠠᠷᠢᠶᠠᠨ ᠡᠮ ᠢ ᠵᠠᠬᠢᠶᠠᠯᠠᠨ ᠦᠢᠯᠡᠳᠴᠦ ᠨᠡᠭᠡᠭᠡᠨ ᠬᠥᠭᠵᠢᠭᠭᠦᠯᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ᠂ | ᠬᠥᠬᠡᠬᠤᠲᠠ ᠶᠢᠨ ᠬᠢᠨ ᠪᠠᠰᠠ ᠠᠵᠤ ᠦᠢᠯᠡᠳᠪᠦᠷᠢ ᠶᠢᠨ ᠵᠥᠭᠡᠯᠡᠨ ᠬᠡᠷᠡᠭᠰᠡᠯ᠂ ᠡᠷᠴᠢᠯᠡᠭᠦᠷ ᠬᠦᠷᠳᠦᠨ ᠤ ᠡᠨᠧᠷᠭᠢ | ᠨᠥᠭᠡᠴᠡᠯᠡᠬᠦ᠂ ᠰᠦᠯᠵᠢᠶᠡᠨ ᠤ ᠠᠮᠤᠷ ᠲᠦᠪᠰᠢᠨ᠂ ᠣᠶᠤᠨᠴᠢ ᠰᠡᠷᠡᠯ ᠳᠠᠮᠵᠢᠭᠤᠯᠬᠤ ᠵᠡᠷᠭᠡ ᠬᠦᠷᠢᠶᠡᠨ ᠳᠠᠬᠢ | ᠨᠤᠷᠠᠭᠠᠯᠲᠠ ᠴᠢᠨᠠᠷᠲᠠᠢ ᠮᠡᠷᠭᠡᠵᠢᠯ ᠪᠦᠬᠦᠢ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 6 ᠠᠵᠤ | ᠠᠬᠤᠶᠢᠯᠠᠯ ᠢ ᠠᠮᠵᠢᠯᠲᠠ ᠲᠠᠢ ᠪᠠᠷ ᠤᠷᠢᠨ ᠠᠪᠴᠢᠷᠠᠵᠤ᠂ ᠲᠤᠬᠠᠢ ᠶᠢᠨ ᠭᠠᠵᠠᠷ ᠲᠤ ᠪᠠᠨ ᠪᠦᠷᠢᠨ ᠪᠡᠯᠡᠳᠦ ᠳᠠᠭᠠᠯᠲᠠ | ᠺᠣᠮᠫᠠᠨᠢ ᠪᠤᠶᠤ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠵᠠᠢ᠃ | 2025 ᠣᠨ ᠪᠣᠯᠬᠤ ᠳᠤ᠂ ᠬᠥᠬᠡᠬᠤᠲᠠ ︽ᠵᠢᠷᠭᠤᠭᠠᠨ ᠠᠵᠢᠯᠯᠠᠭᠠᠨ︾ ᠢ ᠪᠦᠬᠦ ᠬᠦᠴᠦᠨ ᠢᠶᠠᠷ ᠠᠬᠢᠭᠤᠯᠵᠤ | ᠪᠣᠢ᠂ ᠡᠭᠦᠨ ᠳᠤ ︽ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯᠯᠠᠭᠠᠨ︾ ᠨᠢ ᠪᠡᠭᠡᠵᠢᠩ ᠥᠪᠥᠷ ᠮᠣᠩᠭᠤᠯ ᠤᠨ | ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠴᠢᠬᠤᠯᠠ ᠪᠠᠶᠢᠷᠢᠨ ᠳᠤ ᠲᠠᠯᠪᠢᠬᠤ ᠪᠣᠯᠣᠨ᠎ᠠ᠃ ᠣᠷᠣᠨ ᠤ ᠲᠥᠪ ᠤᠨ | ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠵᠢᠯ︾ ᠪᠠ ᠢᠷᠡᠭᠡᠳᠦᠢ ᠶᠢᠨ ᠠᠵᠤ ᠦᠢᠯᠡᠰ ᠤᠨ ᠨᠤᠷᠠᠭᠠᠯᠲᠠ | ᠴᠢᠨᠠᠷᠲᠠᠢ ᠮᠡᠷᠭᠡᠵᠢᠯ ᠪᠠ ᠲᠥᠷᠥᠯ ᠵᠦᠢᠯ ᠳᠤ ᠴᠢᠭᠯᠡᠭᠦᠯᠦᠨ᠂ ᠲᠥᠷᠥᠯ ᠵᠦᠢᠯ ᠢ ᠵᠣᠯᠭᠠᠭᠤᠯᠬᠤ ᠠᠵᠢᠯ ᠢᠶᠠᠨ | ᠪᠠᠶᠢᠩᠭᠤᠰᠢᠭᠤᠯᠤᠨ ᠥᠷᠨᠢᠭᠦᠯᠵᠦ᠂ ᠨᠤᠷᠠᠭᠠᠯᠲᠠ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ ᠮᠥᠩᠭᠦᠨ ᠤ | ᠳᠠᠶᠢᠴᠢᠯᠠᠨ ᠨᠡᠮᠡᠭᠳᠡᠭᠦᠯᠬᠦ ᠦᠢᠯᠡᠳᠦᠯ ᠢ ᠨᠢ ᠪᠠᠳᠠᠷᠠᠭᠤᠯᠵᠤ᠂ ᠥᠨᠳᠥᠷ ᠥᠰᠦᠯᠲᠡ ᠶᠢᠨ ᠴᠢᠨᠠᠷᠲᠠᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ 10 ᠣᠷᠴᠢᠮ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠎ᠠ᠂ | ᠵᠢᠯ ᠤᠨ ᠳᠣᠲᠣᠷ᠎ᠠ ᠨᠠᠭᠠᠲᠤ ᠵᠠᠬ᠎ᠠ ᠳᠤ ᠪᠠᠨ 5 ᠨᠤᠷᠠᠭᠠᠯᠲᠠ ᠴᠢᠨᠠᠷᠲᠠᠢ ᠮᠡᠷᠭᠡᠵᠢᠯ ᠪᠠ ᠲᠥᠷᠥᠯ ᠵᠦᠢᠯ ᠢ | ᠨᠠᠶᠢᠳᠠᠪᠤᠷᠢᠵᠢᠭᠤᠯᠤᠨ ᠤᠯᠠᠷᠢᠭᠤᠯᠬᠤ ᠪᠠᠨ ᠠᠬᠢᠭᠤᠯᠬᠤ ᠶᠢᠨ ᠬᠠᠮᠲᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ | ᠢ ᠨᠠᠶᠢᠳᠠᠪᠤᠷᠢᠵᠢᠭᠤᠯᠵᠤ᠂ ᠨᠤᠷᠠᠭᠠᠯᠲᠠ ᠴᠢᠨᠠᠷᠲᠠᠢ ᠮᠡᠷᠭᠡᠵᠢᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠡᠷᠢᠬᠦ᠂ | ᠵᠠᠬᠢᠶᠠᠯᠠᠭ᠎ᠠ ᠣᠯᠬᠤ ᠶᠢ ᠨᠢ ᠳᠡᠮᠵᠢᠨ ᠬᠠᠪᠰᠤᠷᠴᠤ᠂ ᠨᠤᠷᠠᠭᠠᠯᠲᠠ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢᠨ ᠠᠬᠤᠢ | ᠪᠠᠶᠢᠳᠠᠯ ᠢ ᠬᠦᠴᠦ ᠪᠠᠨ ᠬᠠᠮᠲᠤᠳᠬᠠᠨ ᠪᠠᠶᠢᠭᠤᠯᠵᠤ᠂ ︽ᠨᠢᠭᠡ ᠲᠥᠪ + ᠨᠢᠭᠡ ᠪᠦᠯᠦᠭ ᠥᠨᠳᠥᠷ ᠥᠰᠦᠯᠲᠡ ᠶᠢᠨ | ᠴᠢᠨᠠᠷᠲᠠᠢ ᠠᠵᠤ ᠠᠬᠤᠶᠢᠯᠠᠯ + ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ | ᠲᠣᠭᠤᠷᠢᠭ︾ ᠤᠨ ᠬᠥᠭᠵᠢᠯᠲᠡ ᠶᠢᠨ ᠬᠡᠪ ᠵᠠᠭᠪᠤᠷ ᠢ ᠪᠣᠢ ᠪᠣᠯᠭᠠᠨ᠎ᠠ᠃ |